︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠤᠨ | ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠬᠢᠭᠡᠳ ᠬᠠᠤᠯᠢ ᠴᠠᠭᠠᠵᠠ᠂ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠰᠢᠶᠠᠨ ᠤ | ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔ ᠤᠯᠤᠰ ᠤᠨ ᠡᠷᠡᠭᠦᠯ ᠬᠠᠮᠠᠭᠠᠯᠠᠯ᠂ | ᠢᠳᠡᠭᠡᠨ ᠤ ᠠᠮᠤᠷ ᠲᠦᠪᠰᠢᠨ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠨ | ᠲᠣᠭᠲᠠᠭᠠᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠵᠢᠴᠢ ᠬᠤᠯᠪᠣᠭᠳᠠᠯ | ᠪᠦᠬᠦᠢ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠢ ᠬᠡᠷᠡᠭᠵᠢᠭᠦᠯᠬᠦ ᠬᠡᠷᠡᠭᠲᠡᠶ᠃ | ︵ᠬᠤᠶᠠᠷ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠤᠨ ᠳᠦᠷᠢᠮ ᠢ ᠲᠤᠤᠱᠯᠠᠭᠤᠯᠤᠨ | ᠬᠡᠷᠡᠭᠵᠢᠭᠦᠯᠵᠦ᠂ ᠪᠦᠬᠦ ᠰᠢᠶᠠᠨ ᠤ ᠦᠨᠳᠦᠰᠦᠨ ᠡᠮ ᠤᠨ ᠳᠦᠷᠢᠮ ᠢ ᠪᠠᠶᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠰᠢᠶᠠᠨ ᠤ ᠡᠮ ᠤᠨ ᠵᠦᠢᠯ ᠤᠨ ᠲᠥᠷᠥ ᠶᠢᠨ ᠪᠣᠳᠣᠯᠭ᠎ᠠ | ᠪᠣᠯᠤᠨ ᠦᠨᠳᠦᠰᠦᠨ ᠡᠮ ᠤᠨ ᠵᠦᠢᠯ ᠤᠨ ᠭᠠᠷᠴᠠᠭ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠦᠬᠦ ᠰᠢᠶᠠᠨ ᠤ | ᠦᠨᠳᠦᠰᠦᠨ ᠡᠮ ᠤᠨ ᠵᠦᠢᠯ ᠢ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ᠂ ᠬᠡᠷᠡᠭᠯᠡᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠦᠨᠳᠦᠰᠦᠨ ᠡᠮ ᠤᠨ ᠵᠦᠢᠯ ᠤᠨ ᠭᠠᠷᠴᠠᠭ ᠲᠠᠬᠢ ᠡᠮ ᠤᠨ | ᠵᠦᠢᠯ ᠤᠨ ᠦᠢᠯᠡᠳᠪᠦᠷᠢᠯᠡᠯ ᠢ ᠵᠣᠷᠢᠭᠵᠢᠭᠤᠯᠤᠨ ᠲᠡᠳᠬᠦᠬᠦ ᠲᠥᠷᠥ ᠶᠢᠨ ᠪᠣᠳᠣᠯᠭ᠎ᠠ ᠶᠢ ᠳᠤᠷᠠᠳᠴᠤ᠂ ᠪᠦᠬᠦ | ᠰᠢᠶᠠᠨ ᠤ ᠦᠨᠳᠦᠰᠦᠨ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ᠎ᠠ᠃ | ︵ᠭᠤᠷᠪᠠ︶ ᠢᠳᠡᠭᠡᠨ ᠤ ᠠᠶᠤᠯ ᠦᠭᠡᠶ ᠶᠢᠨ ᠶᠡᠷᠦᠩᠬᠡᠶᠢᠯᠡᠨ ᠵᠣᠬᠢᠴᠠᠭᠤᠯᠬᠤ᠂ ᠢᠳᠡᠭᠡᠨ ᠤ ᠠᠶᠤᠯ ᠦᠭᠡᠶ ᠶᠢᠨ | ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ | ᠤᠯᠤᠰ ᠤᠨ ᠢᠳᠡᠭᠡᠨ ᠤ ᠠᠶᠤᠯ ᠦᠭᠡᠶ ᠶᠢᠨ ᠪᠠᠷᠢᠮᠵᠢᠶ᠎ᠠ ᠶᠢ ᠲᠤᠤᠱᠯᠠᠭᠤᠯᠤᠨ᠎ᠠ᠄ ᠥᠪᠡᠷᠲᠡᠭᠡᠨ ᠵᠠᠰᠠᠬᠤ | ᠣᠷᠣᠨ ᠠᠴᠠ ᠲᠣᠭᠲᠠᠭᠠᠭᠰᠠᠨ ᠢᠳᠡᠭᠡᠨ ᠤ ᠠᠶᠤᠯ ᠦᠭᠡᠶ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠤᠨ ᠠᠵᠤ | ᠠᠬᠤᠶᠢᠯᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠢᠳᠡᠭᠡᠨ ᠵᠢᠴᠢ ᠬᠠᠮᠢᠶ᠎ᠠ ᠪᠦᠬᠦᠢ ᠦᠢᠯᠳᠭᠦᠨ ᠤ ᠠᠶᠤᠯ | ᠦᠭᠡᠶ ᠶᠢᠨ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ︔ | ᠢᠳᠡᠭᠡᠨ ᠤ ᠠᠶᠤᠯ ᠦᠭᠡᠶ ᠶᠢᠨ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠵᠦ᠂ ᠰᠠᠴᠤᠷᠠᠭ ᠢᠶᠠᠷ ᠣᠨᠣᠰᠢᠯᠠᠨ ᠡᠮᠨᠡᠬᠦ | ᠵᠥᠪᠰᠢᠶᠡᠷᠡᠯ ᠤᠨ ᠦᠨᠡᠮᠯᠡᠯ ᠪᠣᠯᠤᠨ ᠣᠨᠣᠰᠢᠯᠠᠨ ᠡᠮᠨᠡᠬᠦ ᠲᠥᠬᠦᠭᠡᠷᠦᠮᠵᠢ ᠶᠢᠨ ᠴᠢᠨᠠᠷ ᠴᠢᠳᠠᠯ ᠢ ᠪᠠᠶᠢᠴᠠᠭᠠᠨ ᠬᠡᠮᠵᠢᠬᠦ | ᠠᠵᠢᠯ ᠤᠨ ᠡᠭᠦᠷᠭᠡ ᠶᠢ ᠬᠠᠷᠢᠭᠤᠴᠠᠬᠤ ᠬᠡᠷᠡᠭᠲᠡᠶ᠃ | ︵ᠳᠥᠷᠪᠡ︶ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ᠂ ᠲᠠᠷᠢᠶᠠᠯᠠᠬᠤ | ᠮᠠᠯᠵᠢᠬᠤ ᠣᠷᠣᠨ ᠤ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ︔ ᠠᠩᠬ᠎ᠠ | ᠵᠡᠷᠭᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠪᠠ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠲᠤᠰᠬᠠᠶ ᠵᠦᠢᠯ ᠤᠨ ᠮᠡᠷᠭᠡᠵᠢᠯ ᠤᠨ ᠬᠡᠷᠡᠭᠵᠢᠭᠦᠯᠦᠯᠲᠡ ᠶᠢ ᠵᠢᠯᠣᠭᠤᠳᠴᠤ᠂ ᠲᠠᠷᠢᠶᠠᠯᠠᠬᠤ ᠮᠠᠯᠵᠢᠬᠤ | ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠲᠠᠪᠤ︶ ᠪᠦᠬᠦ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠷᠢᠭᠤᠴᠠᠵᠤ᠂ ᠪᠦᠬᠦ | ᠰᠢᠶᠠᠨ ᠤ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠪᠣᠯᠤᠨ ᠠᠷᠭ᠎ᠠ | ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠤᠯᠤᠰ ᠤᠨ ᠦᠯᠦ ᠬᠠᠯᠳᠠᠭᠠᠬᠤ ᠲᠥᠯᠥᠪᠵᠢᠭᠦᠯᠭᠡ ᠵᠢᠴᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ᠎ᠠ︔ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠢ ᠵᠣᠬᠢᠴᠠᠭᠤᠯᠤᠨ | ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠲᠡᠭᠦᠨ ᠳᠤ ᠭᠠᠷ ᠳᠦᠷᠦᠵᠦ᠂ ᠬᠠᠯᠳᠠᠪᠤᠷᠢᠲᠤ | ᠡᠪᠡᠳᠴᠢᠨ ᠤ ᠬᠢᠵᠢᠭ ᠤᠨ ᠪᠠᠶᠢᠳᠠᠯ ᠤᠨ ᠲᠤᠬᠠᠢ ᠬᠠᠤᠯᠢ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠮᠡᠳᠡᠭᠡ | ᠵᠠᠩᠭᠢ ᠶᠢ ᠨᠡᠶᠢᠲᠡᠯᠡᠨ᠎ᠡ︔ ᠪᠦᠬᠦ ᠠᠷᠠᠳ ᠤᠨ ᠡᠷᠡᠭᠦᠯ ᠮᠡᠨᠳᠦ ᠶᠢᠨ ᠬᠥᠮᠦᠵᠢᠯ ᠢ ᠵᠢᠭᠠᠨ ᠵᠢᠯᠣᠭᠤᠳᠬᠤ ᠶᠢ | ᠬᠠᠷᠢᠭᠤᠴᠠᠨ᠎ᠠ᠃ | ︵ᠵᠢᠷᠭᠤᠭ᠎ᠠ︶ ᠡᠮᠨᠡᠯᠭᠡ ᠶᠢᠨ ᠠᠵᠢᠯᠲᠠᠨ ᠤ ᠠᠵᠢᠯ ᠡᠷᠬᠢᠯᠡᠬᠦ ᠪᠠᠷᠢᠮᠵᠢᠶ᠎ᠠ᠂ ᠡᠮᠴᠢᠯᠡᠭᠡᠨ ᠤ ᠶᠠᠰᠤ ᠴᠢᠨᠠᠷ ᠤᠨ | ᠪᠠᠷᠢᠮᠵᠢᠶ᠎ᠠ ᠪᠣᠯᠤᠨ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠮᠨᠡᠯᠭᠡ ᠶᠢᠨ | ᠠᠵᠢᠯᠲᠠᠨ ᠤ ᠬᠢᠷᠢ ᠬᠡᠮ ᠢ ᠭᠡᠷᠡᠴᠢᠯᠡᠬᠦ ᠪᠠ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠡᠷᠬᠢᠯᠡᠬᠦ | ᠵᠥᠪᠰᠢᠶᠡᠷᠡᠯ ᠤᠨ ᠦᠨᠡᠮᠯᠡᠯ ᠤᠨ ᠠᠵᠢᠯ ᠢ ᠬᠠᠮᠢᠶᠠᠷᠤᠨ᠎ᠠ᠄ ᠴᠢᠰᠤᠨ ᠤ ᠥᠷᠲᠡᠭᠡ᠂ ᠳᠡᠩ ᠴᠢᠰᠤᠨ ᠡᠭᠡᠳᠡᠩ ᠠᠪᠬᠤ | ᠥᠷᠲᠡᠭᠡ ᠶᠢᠨ ᠴᠢᠰᠤ ᠠᠪᠬᠤ ᠬᠠᠩᠭᠠᠬᠤ ᠵᠢᠴᠢ ᠡᠮᠴᠢᠯᠡᠭᠡᠨ ᠳᠤ ᠬᠡᠷᠡᠭᠯᠡᠬᠦ ᠴᠢᠰᠤᠨ ᠤ ᠶᠠᠰᠤ ᠴᠢᠨᠠᠷ ᠲᠤ ᠬᠠᠤᠯᠢ | ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠂ ᠴᠢᠰᠤ ᠠᠪᠬᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ᠂ ᠵᠢᠷᠤᠮᠵᠢᠯ᠂ ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠳᠣᠯᠤᠭ᠎ᠠ︶ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ | ᠬᠠᠷᠢᠭᠤᠴᠠᠵᠤ᠂ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠤᠨ | ᠲᠣᠬᠢᠷᠠᠭᠤᠯᠵᠤ᠂ ᠭᠡᠨᠡᠳᠲᠡ ᠡᠭᠦᠰᠬᠦ ᠬᠦᠨᠳᠦ ᠶᠡᠭᠡ ᠬᠢᠵᠢᠭ ᠤᠨ ᠪᠠᠶᠢᠳᠠᠯ᠂ ᠡᠪᠡᠳᠴᠢᠨ ᠤ ᠪᠠᠶᠢᠳᠠᠯ ᠳᠤ ᠪᠠᠴᠢᠮ | ᠰᠢᠢᠳᠪᠦᠷᠢᠯᠡᠯᠳᠡ ᠬᠢᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ | ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠣᠭᠤᠳᠤᠨ ᠬᠡᠷᠡᠭᠵᠢᠭᠦᠯᠵᠦ᠂ ᠭᠡᠨᠡᠳᠲᠡ | ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ | ᠮᠡᠳᠡᠭᠡ ᠵᠠᠩᠭᠢ ᠶᠢ ᠨᠡᠶᠢᠲᠡᠯᠡᠨ᠎ᠡ᠃ | ︵ᠨᠠᠢᠮᠠ︶ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ | ᠵᠢᠷᠤᠮᠵᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠠ ᠡᠷᠬᠢᠯᠡᠭᠰᠡᠨ ᠠᠵᠢᠯ ᠤᠨ ᠡᠷᠡᠭᠦᠯ | ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ | ᠡᠷᠡᠭᠦᠯ ᠬᠠᠮᠠᠭᠠᠯᠠᠯ ᠨᠢ ᠤᠯᠠᠨ ᠨᠡᠶᠢᠲᠡ ᠶᠢᠨ ᠭᠠᠵᠠᠷ ᠲᠠᠯᠠᠪᠤᠷ ᠪᠣᠯᠤᠨ ᠤᠤᠭᠤᠬᠤ ᠤᠰᠤᠨ ᠤ ᠡᠷᠡᠭᠦᠯ | ᠬᠠᠮᠠᠭᠠᠯᠠᠯ ᠤᠨ ᠠᠶᠤᠯ ᠥᠭᠡᠢ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ | ︵ᠶᠢᠰᠦ︶ ᠪᠦᠬᠦ ᠰᠢᠶᠠᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠶᠢᠨ ᠪᠦᠬᠦ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠦᠢᠯᠡᠴᠢᠯᠡᠭᠡ᠂ ᠮᠡᠷᠭᠡᠵᠢᠯ᠂ ᠶᠠᠰᠤ ᠴᠢᠨᠠᠷ ᠪᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠵᠢᠷᠤᠮᠵᠢᠯ᠂ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠮᠡᠷᠭᠡᠵᠢᠯ ᠤᠨ | ᠶᠣᠰᠣ ᠮᠣᠷᠠᠯ ᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠪᠠ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ | ︵ᠠᠷᠪᠠ︶ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ ᠵᠣᠬᠢᠶᠠᠨ ᠪᠠᠶᠢᠭᠤᠯᠵᠤ᠂ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠣᠬᠢᠶᠠᠨ | ᠪᠠᠶᠢᠭᠤᠯᠬᠤ᠂ ᠠᠵᠢᠯᠲᠠᠨ ᠤ ᠶᠠᠪᠤᠳᠠᠯ᠂ ᠣᠷᠣᠨ ᠲᠣᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ | ᠬᠠᠮᠠᠭᠠᠯᠠᠯ ᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ | ᠪᠣᠯᠤᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠢ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠷᠡᠭᠦᠯ ᠬᠠᠮᠠᠭᠠᠯᠠᠯ ᠤᠨ ᠲᠤᠰᠬᠠᠶ | ᠮᠡᠷᠭᠡᠵᠢᠯ ᠤᠨ ᠠᠵᠢᠯᠲᠠᠨ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ | ᠬᠡᠷᠡᠭᠲᠡᠶ᠃ | ︵ᠠᠷᠪᠠᠨ ᠨᠢᠭᠡ︶ ᠪᠦᠬᠦ ᠰᠢᠶᠠᠨ ᠤ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠥᠰᠦᠯ ᠢ | ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠰᠤᠳᠤᠯᠵᠤ᠂ ᠬᠥᠮᠦᠨ ᠠᠮᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠠᠷᠠᠯᠲᠠ ᠪᠠ | ᠡᠭᠦᠷᠭᠡ ᠶᠢᠨ ᠰᠠᠨᠠᠭᠤᠯᠭ᠎ᠠ ᠶᠢ ᠳᠤᠷᠠᠳᠴᠤ᠂ ᠬᠥᠮᠦᠨ ᠠᠮᠠ ᠬᠢᠭᠡᠳ ᠠᠵᠤ ᠠᠬᠤᠢ᠂ ᠨᠡᠶᠢᠭᠡᠮ᠂ ᠡᠬᠢ ᠪᠠᠶᠠᠯᠢᠭ᠂ | ᠣᠷᠴᠢᠨ ᠠᠬᠤᠢ ᠶᠢ ᠵᠣᠬᠢᠴᠠᠩᠭᠤᠢ ᠪᠠᠷ ᠦᠷᠭᠦᠯᠵᠢᠯᠡᠨ ᠬᠥᠭᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ︔ ᠪᠦᠬᠦ ᠰᠢᠶᠠᠨ ᠤ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ | ᠲᠥᠯᠥᠪᠯᠡᠭᠡᠲᠦ ᠦᠷᠡᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠠᠷᠢᠭᠤᠴᠠᠨ ᠬᠡᠷᠡᠭᠵᠢᠭᠦᠯᠵᠦ᠂ | ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠬᠤ ᠪᠠ ᠦᠨᠡᠯᠡᠨ ᠵᠢᠱᠢᠯᠲᠡ ᠬᠢᠵᠦ᠂ ᠳᠣᠣᠷ᠎ᠠ ᠲᠥᠷᠥᠯᠲᠡ ᠶᠢᠨ ᠬᠢᠷᠢ ᠬᠡᠮᠵᠢᠶ᠎ᠡ ᠶᠢ ᠲᠣᠭᠲᠠᠭᠤᠨ | ᠪᠠᠶᠢᠯᠭᠠᠨ᠎ᠠ᠃ | ︵ᠠᠷᠪᠠᠨ ᠬᠤᠶᠠᠷ︶ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠠᠵᠢᠯ ᠤᠨ ᠲᠤᠬᠠᠶ ᠤᠯᠤᠰ᠂ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠦᠬᠦ ᠰᠢᠶᠠᠨ ᠤ | ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠳᠦᠷᠢᠮ ᠢ ᠲᠤᠭᠤᠷᠪᠢᠨ ᠪᠢᠴᠢᠵᠦ ᠳᠠᠭᠤᠰᠬᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠯᠠᠨ | ᠲᠦᠮᠡᠨ ᠤ ᠪᠦᠯᠬᠦᠮ ᠤᠨ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠠᠵᠢᠯ ᠤᠨ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠵᠣᠬᠢᠴᠠᠭᠤᠯᠤᠨ ᠠᠬᠢᠭᠤᠯᠵᠤ᠂ ᠬᠥᠮᠦᠨ ᠠᠮᠠ ᠬᠢᠭᠡᠳ ᠲᠥᠯᠥᠪᠯᠡᠭᠡᠲᠦ | ᠦᠷᠡᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ᠂ | ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠳᠠᠬᠢ ᠵᠡᠭᠡᠯᠢ ᠭᠤᠳᠤᠮᠵᠢ ᠶᠢᠨ ᠬᠠᠮᠵᠢᠯᠴᠠᠭ᠎ᠠ ᠶᠢ | ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥᠭᠰᠡᠨ ᠬᠥᠮᠦᠨ ᠠᠮᠠ ᠶᠢᠨ | ᠬᠦᠢᠰᠦ ᠶᠢᠨ ᠢᠯᠭᠠᠯ ᠤᠨ ᠲᠡᠩᠴᠡᠭᠦᠷᠢ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠳᠤᠷᠠᠳᠬᠤ ᠬᠡᠷᠡᠭᠲᠡᠶ᠃ | ︵ᠠᠷᠪᠠᠨ ᠭᠤᠷᠪᠠ︶ ᠶᠠᠪᠤᠭᠤᠯ ᠬᠥᠮᠦᠨ ᠠᠮᠠ ᠶᠢᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠡᠯ᠎ᠡ ᠱᠠᠲᠤᠨ ᠤ ᠶᠠᠪᠤᠭᠤᠯ ᠬᠥᠮᠦᠨ ᠠᠮᠠ ᠶᠢᠨ | ᠲᠥᠯᠥᠪᠯᠡᠭᠡᠲᠦ ᠦᠷᠡᠵᠢᠯ ᠤᠨ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠠᠵᠢᠯ ᠤᠨ ᠲᠣᠭᠲᠠᠴᠠ ᠪᠠᠶᠢᠭᠤᠯᠬᠤ ᠶᠢ ᠬᠠᠷᠢᠭᠤᠴᠠᠨ ᠲᠦᠯᠬᠢᠨ ᠠᠬᠢᠭᠤᠯᠤᠨ᠎ᠠ᠄ ᠪᠦᠬᠦ ᠰᠢᠶᠠᠨ ᠤ | ᠶᠠᠪᠤᠭᠤᠯ ᠬᠥᠮᠦᠨ ᠠᠮᠠ ᠶᠢᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠢᠭᠡᠳ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ | ︵ᠠᠷᠪᠠᠨ ᠳᠥᠷᠪᠡ︶ ᠪᠦᠬᠦ ᠰᠢᠶᠠᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠬᠥᠭᠵᠢᠯᠲᠡ ᠶᠢᠨ | ᠪᠠᠶᠢᠳᠠᠯ ᠢ ᠬᠢᠨᠠᠨ ᠬᠡᠮᠵᠢᠵᠦ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠮᠡᠳᠡᠭᠡ ᠵᠠᠩᠭᠢ ᠶᠢᠨ | ᠶᠡᠷᠦᠩᠬᠡᠶᠢᠯᠡᠭᠰᠡᠨ ᠵᠢᠴᠢ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠬᠠᠷᠢᠭᠤᠴᠠᠵᠤ᠂ ᠲᠥᠯᠥᠪᠯᠡᠭᠡᠲᠦ ᠦᠷᠡᠵᠢᠯ ᠤᠨ | ᠲᠤᠭ᠎ᠠ ᠪᠦᠷᠢᠳᠬᠡᠯ᠂ ᠮᠡᠳᠡᠭᠡ ᠵᠠᠩᠭᠢ ᠶᠢᠨ ᠵᠠᠳᠠᠯᠤᠯᠲᠠ ᠶᠢᠨ ᠠᠵᠢᠯ ᠢ ᠬᠠᠷᠢᠭᠤᠴᠠᠨ᠎ᠠ︔ ᠲᠦᠴᠢᠦᠸᠠᠨ ᠰᠢᠶᠠᠨ ᠤ | ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠪᠠ᠃ | ︵ᠠᠷᠪᠠᠨ ᠲᠠᠪᠤ︶ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠶᠡᠷᠦᠩᠬᠡᠶ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ | ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠲᠥᠯᠥᠪᠯᠡᠭᠡᠲᠦ ᠦᠷᠡᠵᠢᠯ ᠤᠨ ᠰᠢᠨᠵᠢᠯᠡᠬᠦ | ᠤᠬᠠᠭᠠᠨ ᠤ ᠰᠤᠳᠤᠯᠤᠯ᠂ ᠮᠡᠷᠭᠡᠵᠢᠯ ᠤᠨ ᠦᠢᠯᠡᠴᠢᠯᠡᠭᠡᠨ ᠤ ᠬᠤᠯᠪᠣᠭᠳᠠᠯ ᠪᠦᠬᠦᠢ ᠴᠢᠬᠤᠯᠠ ᠮᠡᠳᠡᠭᠡ ᠵᠠᠩᠭᠢ ᠶᠢ | ᠬᠠᠤᠯᠢ ᠶᠣᠰᠣᠭᠠᠷ ᠨᠡᠶᠢᠲᠡᠯᠡᠵᠦ᠂ ᠲᠥᠯᠥᠪᠯᠡᠭᠡᠲᠦ ᠦᠷᠡᠵᠢᠯ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠪᠣᠯᠤᠨ ᠡᠮ | ᠪᠠᠭᠠᠵᠢ ᠣᠯᠭᠤᠬᠤ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠵᠢᠷᠭᠤᠭ᠎ᠠ︶ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠤᠬᠠᠭᠤᠯᠭ᠎ᠠ ᠬᠥᠮᠦᠵᠢᠯ ᠤᠨ | ᠠᠵᠢᠯ ᠤᠨ ᠲᠥᠯᠥᠪᠵᠢᠭᠦᠯᠭᠡ ᠲᠣᠭᠲᠠᠭᠠᠵᠤ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠤᠬᠠᠭᠤᠯᠭ᠎ᠠ | ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠳᠣᠯᠤᠭ᠎ᠠ︶ ᠲᠥᠯᠥᠪᠯᠡᠭᠡᠲᠦ ᠦᠷᠡᠵᠢᠯ ᠤᠨ ᠦᠷᠡᠵᠢᠯ ᠤᠨ ᠡᠷᠡᠭᠦᠯ ᠡᠩᠬᠡ᠂ ᠭᠡᠷ ᠪᠦᠯᠢ ᠶᠢᠨ ᠡᠷᠡᠭᠦᠯ | ᠡᠩᠬᠡ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ ᠵᠡᠷᠡᠮᠳᠡᠭ ᠲᠦᠷᠦᠭᠦ ᠨᠢᠭᠡᠳᠦᠭᠡᠷ ᠳᠡᠰ ᠤᠨ | ᠤᠷᠢᠳᠴᠢᠯᠠᠨ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠵᠡᠷᠡᠮᠳᠡᠭ ᠲᠦᠷᠦᠭᠦ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠪᠠᠭᠤᠷᠠᠭᠤᠯᠵᠤ᠂ ᠬᠥᠮᠦᠨ | ᠠᠮᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡᠨ ᠤ | ᠬᠥᠮᠦᠵᠢᠯ ᠪᠣᠯᠪᠠᠰᠤᠷᠠᠭᠤᠯᠤᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠣᠷ ᠰᠦᠯᠵᠢᠶᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠠᠷᠪᠠ ᠶᠢᠰᠦ︶ ᠲᠦᠴᠢᠦᠸᠠᠨ ᠰᠢᠶᠠᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠪᠣᠯᠤᠨ ᠬᠥᠮᠦᠨ ᠠᠮᠠ ᠶᠢᠨ | ᠨᠡᠶᠢᠭᠡᠮᠯᠢᠭ ᠤᠨ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠬᠥᠮᠦᠨ ᠠᠮᠠ ᠪᠠ ᠲᠥᠯᠥᠪᠯᠡᠭᠡᠲᠦ ᠦᠷᠡᠵᠢᠯ ᠤᠨ | ᠠᠵᠢᠯ ᠤᠨ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ | ︵ᠬᠤᠷᠢ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ | ᠭᠤᠷᠪᠠᠨ ᠵᠦᠢᠯ ᠤᠨ ᠳᠣᠲᠣᠭᠠᠳᠤ ᠪᠠᠶᠢᠭᠤᠯᠤᠮᠵᠢ ᠶᠢ ᠳᠠᠭᠠᠭᠠᠨ ᠭᠦᠢᠴᠡᠳᠬᠡᠨ᠎ᠡ᠃ |