ᠨᠢᠭᠡᠳᠦᠭᠡᠷ ᠵᠦᠢᠯ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪᠰᠢᠶᠡᠷᠡᠭᠰᠡᠨ ︽ | ᠲᠦᠴᠢᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠰᠢᠶᠠᠨ ᠤ ᠨᠠᠮ ᠤᠨ | ᠬᠤᠷᠢᠶᠠᠨ ᠤ ᠠᠯᠪᠠᠨ ᠭᠡᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ | ᠲᠦᠴᠢᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠤᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠦᠴᠢᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠪᠣᠯ ᠰᠢᠶᠠᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ | ᠰᠠᠯᠠᠭᠠᠨ ᠤ ᠲᠡᠰ ᠪᠣᠯᠤᠨ᠎ᠠ᠃ ᠰᠢᠶᠠᠨ ᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠲᠦᠴᠢᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠳᠤ ᠲᠣᠬᠢᠷᠠᠭᠤᠯᠪᠠ᠃ | ᠭᠤᠷᠪᠠᠳᠤᠭᠠᠷ ᠵᠦᠢᠯ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠤ ᠠᠬᠤᠶ ᠨᠡᠶᠢᠭᠡᠮ ᠢ ᠬᠥᠭᠵᠢᠭᠦᠯᠬᠦ ᠲᠤᠬᠠᠶ | ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠬᠦ ᠬᠡᠷᠡᠭᠲᠡᠶ︔ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠶ᠋ᠯ ᠤᠨ | ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ | ︵ᠬᠤᠶᠠᠷ︶ ᠪᠥᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ | ᠦᠢᠯᠡᠰ ᠤᠨ ᠬᠥᠭᠵᠢᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠡᠭᠦᠷᠭᠡᠯᠡᠬᠦ ᠲᠠᠯ᠎ᠠ ᠪᠠᠷ ᠪᠠᠶᠢᠴᠠᠭᠠᠨ | ᠰᠤᠳᠤᠯᠤᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ᠂ ᠣᠯᠠᠨ ᠨᠡᠶᠢᠲᠡ ᠶᠢᠨ | ᠦᠢᠯᠡᠴᠢᠯᠡᠭᠡ᠂ ᠰᠠᠭᠤᠷᠢ ᠪᠡᠯᠡᠳᠬᠡᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠳᠡᠭᠡ | ᠲᠣᠰᠬᠤᠨ ᠤ ᠰᠢᠨ᠎ᠡ ᠮᠠᠶ᠋ᠢᠭ ᠤᠨ ᠣᠶᠤᠨ ᠤ ᠪᠣᠯᠪᠠᠰᠤᠨ᠂ ᠲᠠᠷᠢᠶᠠᠯᠠᠬᠤ ᠰᠢᠯᠢᠳᠡᠭ ᠰᠣᠶᠣᠯ ᠪᠣᠯᠤᠨ ᠲᠠᠯ᠎ᠠ | ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠬᠤ ᠬᠡᠷᠡᠭᠲᠡᠶ᠃ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠪᠦᠬᠦ ᠰᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠤ | ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠠᠷᠢᠶᠠᠴᠢᠨ ᠮᠠᠯᠴᠢᠳ ᠤᠨ | ᠳᠠᠭᠠᠭᠠᠴᠢᠯᠠᠭᠰᠠᠨ ᠭᠠᠵᠠᠷ᠂ ᠭᠠᠵᠠᠷ ᠰᠢᠷᠣᠶ ᠶᠢᠨ ᠡᠷᠭᠢᠯᠲᠡ᠂ ᠭᠡᠷ ᠪᠠᠷᠢᠬᠤ ᠭᠠᠵᠠᠷ ᠤᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ | ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ | ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ | ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠪᠣᠯᠤᠨ ᠬᠠᠮᠲᠤ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠨ ᠮᠠᠯᠴᠢᠳ ᠤᠨ ᠬᠤᠷᠰᠢᠭᠰᠠᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ | ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ | ᠬᠢᠭᠡᠳ ᠬᠥᠭᠵᠢᠯᠲᠡ ᠶᠢ ᠵᠢᠯᠣᠭᠤᠳᠤᠨ᠎ᠠ᠃ ᠲᠠᠷᠢᠶᠠᠴᠢᠨ ᠮᠠᠯᠴᠢᠳ ᠤᠨ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ | ᠲᠠᠯᠪᠢᠵᠤ᠂ ᠲᠠᠷᠢᠶᠠᠴᠢᠨ ᠮᠠᠯᠴᠢᠳ ᠤᠨ ᠪᠡᠯᠡ ᠴᠤᠭᠯᠠᠭᠤᠯᠵᠤ ᠬᠦᠴᠦ ᠬᠥᠯᠥᠰᠥ ᠪᠠᠷ ᠢᠶᠠᠨ ᠲᠤᠰᠠᠯᠠᠬᠤ ᠠᠵᠢᠯ ᠢ | ᠵᠢᠯᠣᠭᠤᠳᠤᠨ᠎ᠠ᠃ | ︵ᠳᠥᠷᠪᠡ︶ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠴᠢᠯᠡᠭᠰᠡᠨ ᠡᠵᠡᠩᠨᠡᠯᠲᠡ ᠶᠢᠨ | ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠬᠤ ᠬᠡᠷᠡᠭᠲᠡᠶ᠃ ᠲᠠᠷᠢᠶᠠᠯᠠᠬᠤ | ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ | ᠰᠢᠭᠦᠯᠬᠦ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠢᠯᠡᠰᠴᠢᠯᠡᠬᠦ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠬᠤ ᠮᠠᠯᠵᠢᠬᠤ ᠣᠷᠣᠨ ᠤ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠬᠤ ᠪᠠ ᠨᠠᠶᠢᠳᠠᠪᠤᠷᠢᠵᠢᠭᠤᠯᠬᠤ ᠬᠡᠷᠡᠭᠲᠡᠶ᠃ | ︵ᠲᠠᠪᠤ︶ ᠪᠦᠬᠦ ᠰᠢᠶᠠᠨ ᠤ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠵᠠᠬ᠎ᠠ ᠳᠡᠯᠭᠡᠭᠦᠷ ᠤᠨᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠨᠡᠷᠡᠲᠦ ᠲᠡᠮᠳᠡᠭᠲᠦ ᠶᠢ | ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ | ᠠᠵᠢᠯᠯᠠᠭᠠᠨ ᠳᠤ ᠬᠢᠨᠠᠯᠲᠠ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ | ᠠᠵᠤ ᠠᠬᠤᠶ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠵᠦ᠂ ᠲᠠᠷᠢᠶᠠᠯᠠᠩ ᠮᠠᠯ ᠠᠵᠤ | ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ᠎ᠠ᠃ | ︵ᠵᠢᠷᠭᠤᠭ᠎ᠠ︶ ᠪᠦᠬᠦ ᠰᠢᠶᠠᠨ ᠤ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ | ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠤᠨ ᠬᠥᠭᠵᠢᠯᠲᠡ ᠶᠢᠨ ᠴᠢᠭᠯᠡᠯᠲᠡ | ᠲᠥᠷᠥ ᠶᠢᠨ ᠪᠣᠳᠣᠯᠭ᠎ᠠ᠂ ᠬᠥᠭᠵᠢᠭᠦᠯᠦᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠮᠤ ᠪᠤᠳᠠᠭ᠎ᠠ᠂ | ᠮᠢᠬᠠᠨ ᠤ ᠵᠦᠢᠯ᠂ ᠰᠦ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠤᠰᠤᠨ ᠭᠠᠷᠤᠯᠲᠠ ᠵᠡᠷᠭᠡ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ | ᠰᠢᠰᠲ᠋ᠧᠮᠵᠢ ᠪᠣᠯᠤᠨ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠴᠣᠭᠴᠠᠯᠠᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠪᠠᠷᠢᠮᠵᠢᠶᠠᠵᠢᠭᠰᠠᠨ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ | ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ | ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠶ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠲᠦᠭᠰᠢᠭᠦᠷᠢ ᠶᠢ ᠦᠨᠡᠯᠡᠨ | ᠵᠢᠱᠢᠬᠦ ᠶᠢ ᠬᠠᠤᠯᠢ ᠶᠣᠰᠣᠭᠠᠷ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠶᠤᠯ ᠦᠭᠡᠶ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ | ᠬᠡᠮᠵᠢᠬᠦ ᠶᠢ ᠬᠠᠷᠢᠭᠤᠴᠠᠬᠤ ᠬᠡᠷᠡᠭᠲᠡᠶ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠢᠯᠭᠠᠨ ᠪᠠᠶᠢᠴᠠᠭᠠᠬᠤ ᠪᠠᠶᠢᠴᠠᠭᠠᠨ | ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ | ᠂ ᠨᠡᠶᠢᠲᠡ ᠳᠤ ᠬᠤᠤᠷᠳᠠᠭᠳᠠᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠪᠣᠬᠢᠷᠲᠤᠯ ᠥᠬᠡᠶ | ᠪᠦᠲᠦᠭᠡᠭᠳᠡᠬᠦᠨ᠂ ᠣᠷᠭᠠᠨᠢᠭ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ | ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠥᠬᠦᠶ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ ᠨᠠᠢᠮᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠪᠣᠯᠤᠨ ᠦᠷᠭᠦᠯᠵᠢᠯᠡᠨ ᠠᠰᠢᠭᠯᠠᠬᠤ ᠠᠵᠢᠯ ᠢ | ᠵᠢᠯᠣᠭᠤᠳᠤᠨ᠎ᠠ᠃ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠬᠦ ᠭᠠᠵᠠᠷ᠂ ᠵᠢᠭᠠᠰᠤᠨ ᠠᠵᠤ | ᠠᠬᠤᠶ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠳᠦᠷᠰᠦ ᠶᠢᠨ ᠡᠬᠢ | ᠪᠠᠶᠠᠯᠢᠭ᠂ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ | ᠲᠠᠷᠢᠶᠠᠨ ᠭᠠᠵᠠᠷ ᠵᠢᠴᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ | ᠬᠠᠷᠢᠭᠤᠴᠠᠵᠤ᠂ ᠲᠠᠷᠢᠶᠠᠨ ᠭᠠᠵᠠᠷ ᠵᠢᠴᠢ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠦᠢᠯᠡᠳᠦᠯᠭᠡ ᠶᠢ ᠵᠢᠯᠣᠭᠤᠳᠴᠤ᠂ ᠲᠠᠷᠢᠶᠠᠨ ᠭᠠᠵᠠᠷ ᠤᠨ ᠶᠠᠰᠤ | ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠤᠨ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃ ᠲᠠᠷᠢᠶᠠᠯᠠᠩ ᠮᠠᠯ | ᠠᠵᠤ ᠠᠬᠤᠶ᠂ ᠠᠮᠢ ᠠᠬᠤᠶ ᠶᠢᠨ ᠣᠷᠴᠢᠯ ᠪᠠ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠵᠢᠴᠢ | ᠲᠠᠷᠢᠶᠠᠯᠠᠬᠤ ᠮᠠᠯᠵᠢᠬᠤ ᠣᠷᠣᠨ ᠤ ᠳᠠᠬᠢᠯᠲᠠ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ | ᠠᠵᠤ ᠠᠬᠤᠶ ᠶᠢᠨ ᠠᠮᠢᠳᠤ ᠪᠣᠳᠠᠰ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠬᠡᠷᠡᠭᠵᠢᠭᠦᠯᠦᠨ᠎ᠡ | ᠃ | ︵ᠶᠢᠰᠦ︶ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ | ᠣᠷᠣᠭᠤᠯᠤᠯᠲᠠ ᠶᠢᠨ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠵᠦᠢᠯ ᠤᠨ | ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ ᠲᠡᠵᠢᠭᠡᠯ | ᠡᠪᠡᠰᠦᠨ ᠤ ᠦᠷ᠎ᠡ ᠴᠢᠬᠢ ︵ᠦᠷ᠎ᠡ ᠴᠢᠬᠢ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ | ᠮᠠᠯ ᠤᠨ ᠡᠮ᠂ ᠲᠡᠵᠢᠭᠡᠯ ᠡᠪᠡᠰᠦ ᠪᠣᠷᠳᠣᠭᠠᠨ ᠤ ᠨᠡᠮᠡᠯᠲᠡ ᠶᠢᠨ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ | ᠬᠢᠭᠡᠳ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ ᠲᠡᠵᠢᠭᠡᠯ ᠡᠪᠡᠰᠦ ᠪᠣᠷᠳᠤᠭ᠎ᠠ᠂ | ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠦᠢᠯᠡᠳᠬᠦᠨ ᠤ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠ︶ ᠲᠠᠷᠢᠮᠠᠯ ᠪᠣᠯᠤᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ | ᠪᠣᠯᠤᠨ ᠤᠰᠤᠨ ᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠠᠮᠢᠳᠡᠠ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠲᠤᠬᠠᠢ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠠᠮᠢᠲᠠᠨ ᠤᠷᠭᠤᠮᠠᠯ ᠤᠨ ᠬᠢᠵᠢᠭ | ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠪᠦᠬᠦ ᠰᠢᠶᠠᠨ ᠤ | ᠠᠮᠢᠲᠠᠨ ᠤᠷᠭᠤᠮᠠᠯ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠢᠨᠠᠯᠲᠠ | ᠲᠠᠯᠪᠢᠵᠤ᠂ ᠭᠡᠨᠡᠳᠲᠡ ᠶᠢᠨ ᠴᠢᠨᠠᠷᠲᠠᠶ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ | ᠬᠠᠷᠢᠭᠤᠴᠠᠨ᠎ᠠ᠃ ᠠᠮᠢᠲᠠᠨ ᠤᠷᠭᠤᠮᠠᠯ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ | ᠢᠷᠡᠭᠰᠡᠨ ᠠᠮᠢᠳᠤ ᠪᠣᠳᠠᠰ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ | ᠡᠩᠨᠡᠭᠡ᠂ ᠮᠠᠯ ᠤᠨ ᠡᠮ ᠪᠣᠯᠤᠨ ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠪᠠ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ | ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ᠂ ᠨᠡᠶᠢᠲᠡᠯᠡᠵᠦ᠂ ᠦᠷ᠎ᠡ᠂ ᠲᠠᠷᠢᠶᠠᠨ ᠡᠮ ᠬᠢᠮᠢ ᠶᠢᠨ | ᠪᠣᠷᠳᠣᠭᠤᠷ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ ᠪᠣᠳᠠᠰ ᠢ | ᠨᠥᠭᠡᠴᠡᠯᠡᠬᠦ ᠪᠠ ᠲᠣᠬᠢᠷᠠᠭᠤᠯᠤᠨ ᠥᠭᠬᠦ ᠶᠢ ᠵᠣᠬᠢᠶᠠᠨ ᠪᠠᠶᠢᠭᠤᠯᠵᠤ᠂ ᠦᠢᠯᠡᠳᠪᠦᠷᠢᠯᠡᠯ ᠢᠶᠠᠷ ᠭᠠᠮᠰᠢᠭ ᠠᠴᠠ | ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ | ᠪᠠ ᠭᠠᠮᠰᠢᠭ ᠤᠨ ᠳᠠᠷᠠᠭ᠎ᠠ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠢᠯᠣᠭᠤᠳᠬᠤ ᠬᠡᠷᠡᠭᠲᠡᠶ᠃ | ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠲᠡᠳᠬᠦᠬᠦ | ᠡᠳ ᠤᠨ ᠵᠠᠰᠠᠭ ᠤᠨ ᠲᠥᠷᠥ ᠶᠢᠨ ᠪᠣᠳᠣᠯᠭ᠎ᠠ᠂ ᠵᠢᠴᠢ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ | ᠣᠷᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ | ᠰᠠᠨᠠᠭᠤᠯᠭ᠎ᠠ ᠶᠢ ᠳᠤᠷᠠᠳᠴᠤ᠂ ᠳᠡᠭᠡᠳᠦ ᠱᠠᠲᠤ ᠪᠣᠯᠤᠨ ᠰᠢᠶᠠᠨ ᠤ ᠱᠠᠲᠤᠨ ᠤ ᠡᠳ᠋ ᠤᠨ ᠵᠠᠰᠠᠭ ᠠᠴᠠ | ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ | ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠯᠡᠭᠡ᠂ | ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠵᠤ᠂ ᠲᠣᠭᠲᠠᠭᠠᠭᠰᠠᠨ ᠡᠷᠬᠡ | ᠮᠡᠳᠡᠯ ᠤᠨ ᠶᠣᠰᠣᠭᠠᠷ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠶ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ | ᠂ ᠮᠡᠷᠭᠡᠵᠢᠯ ᠳᠡᠯᠭᠡᠷᠡᠭᠦᠯᠬᠦ ᠲᠥᠯᠥᠪᠯᠡᠭᠡ ᠪᠣᠯᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠪᠠ | ᠲᠤᠤᠱᠯᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ | ᠰᠤᠳᠤᠯᠬᠤ ᠶᠢᠨ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ | ᠪᠣᠯᠤᠨ ᠦᠢᠯᠡᠳᠪᠦᠷᠢᠯᠡᠵᠦ ᠡᠳᠡᠰᠢᠭᠦᠯᠬᠦ ᠵᠥᠪᠰᠢᠶᠡᠷᠡᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ | ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ | ︵ᠠᠷᠪᠠᠨ ᠳᠥᠷᠪᠡ︶ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ | ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ᠂ ᠳᠠᠭᠠᠭᠤᠯᠤᠭᠴᠢ ᠠᠵᠤ | ᠠᠬᠤᠶᠢᠯᠠᠯ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠰᠤᠷᠭᠠᠨ ᠬᠥᠮᠦᠵᠢᠯ ᠪᠣᠯᠤᠨ | ᠨᠡᠭᠡᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠃ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠢ | ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠭᠠᠳᠠᠭᠠᠳᠤ ᠬᠤᠷᠰᠢᠯᠴᠠᠭ᠎ᠠ ᠶᠢᠨ ᠠᠵᠢᠯ | ᠥᠷᠨᠢᠭᠦᠯᠬᠦ ᠶᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ |