ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2024/3/4
︵ᠨᠢᠭᠡ︶ ᠠᠵᠤ ᠦᠢᠯᠡᠳᠪᠦᠷᠢ ᠶᠢᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠪᠠ ᠠᠵᠤ ᠦᠢᠯᠳᠪᠦᠷᠢᠯᠡᠯᠲᠡ ᠶᠢᠨ ᠠᠭᠤᠰᠤᠯᠴᠠᠯ ᠢ ᠠᠬᠢᠭᠤᠯᠤᠨ᠂ ᠰᠢᠨ᠎ᠡ ᠬᠡᠯᠪᠡᠷᠢ ᠶᠢᠨ ᠠᠵᠤ ᠦᠢᠯᠳᠪᠦᠷᠢᠯᠡᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠵᠢᠴᠢ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ︔ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠨ᠎ᠡ᠃ ︵ᠬᠤᠶᠠᠷ︶ ᠣᠶᠢᠷ᠎ᠠ ᠶᠢᠨ ᠬᠤᠭᠤᠴᠠᠭᠠᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠡᠳᠦᠷ ᠲᠤᠲᠤᠮ ᠤᠨ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠤᠨ᠎ᠠ︔ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠵᠢᠯᠤᠭᠤᠳᠤᠯᠭ᠎ᠠ ᠬᠢᠵᠦ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠵᠡᠷᠭᠡ ᠴᠢᠬᠤᠯᠠ ᠦᠢᠯᠡᠳᠪᠦᠷᠢᠯᠡᠯ ᠤᠨ ᠬᠦᠴᠦᠨ ᠵᠦᠢᠯ᠂ ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠲᠡᠭᠡᠭᠡᠪᠦᠷᠢ ᠶᠢᠨ ᠬᠡᠷᠡᠭᠴᠡᠭᠡ ᠶᠢ ᠵᠣᠯᠭᠠᠭᠤᠯᠬᠤ ᠪᠠ ᠪᠠᠴᠢᠮ ᠲᠣᠬᠢᠷᠠᠭᠤᠯᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠣᠨ ᠤ ᠴᠠᠬᠢᠯᠭᠠᠨ ᠭᠠᠷᠭᠠᠬᠤ ᠪᠠ ᠬᠡᠷᠡᠭᠯᠡᠬᠦ ᠬᠡᠮᠵᠢᠶ᠎ᠡ ᠶᠢᠨ ᠲᠥᠯᠥᠪᠯᠡᠭᠡ ᠶᠢ ᠲᠣᠭᠲᠠᠭᠠᠨ ᠪᠠᠭᠤᠯᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠵᠤ ᠦᠢᠯᠡᠰ ᠤᠨ ᠠᠶᠤᠯ ᠦᠭᠡᠶ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ︵ᠭᠤᠷᠪᠠ︶ ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠦᠢᠯᠡᠰ ᠤᠨ ᠪᠠᠶᠢᠷᠢᠰᠢᠭᠤᠯᠤᠯ᠂ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠠ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠦᠢᠯᠡᠳᠬᠦᠨ ᠤ ᠲᠣᠬᠢᠷᠠᠭᠤᠯᠤᠯᠲᠠ ᠶᠢᠨ ᠲᠥᠰᠦᠯ ᠢ ᠬᠡᠷᠡᠭᠵᠢᠭᠦᠯᠦᠨ᠎ᠡ︔ ᠴᠢᠬᠤᠯᠠ ᠶᠡᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠣᠯᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠵᠦ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠳᠥᠷᠪᠡ︶ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠤᠵᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠮᠡᠳᠡᠭᠦᠯᠵᠦ᠂ ᠬᠢᠨᠠᠨ ᠵᠥᠪᠰᠢᠶᠡᠷᠡᠵᠦ᠂ ᠳᠠᠩᠰᠠᠯᠠᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠶ᠋ᠯ ᠤᠨ ᠤᠯᠤᠰ ᠤᠨ ᠳᠣᠲᠣᠭᠠᠳᠤ ᠶᠢᠨ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ︔ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠶᠢᠨ ᠤᠯᠠᠨ ᠡᠰᠢᠵᠢᠯᠳᠡ ᠶᠢ ᠠᠬᠢᠭᠤᠯᠤᠨ᠎ᠠ᠃ ︵ᠲᠠᠪᠤ︶ ᠠᠵᠤ ᠠᠬᠤᠶᠢᠯᠠᠯ ᠤᠨ ᠮᠡᠷᠭᠡᠵᠢᠯ ᠤᠨ ᠲᠠᠪᠰᠢᠯᠳᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠣᠷᠣᠭᠤᠯᠵᠤ ᠢᠷᠡᠬᠦ ᠪᠠ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠤᠯᠤᠰ ᠲᠠᠭᠠᠨ ᠦᠢᠯᠡᠳᠪᠦᠷᠢᠯᠡᠬᠦ ᠶᠢ ᠵᠢᠯᠣᠭᠤᠳᠴᠤ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ ᠳᠡᠯᠭᠡᠷᠡᠭᠦᠯᠦᠨ ᠬᠡᠷᠡᠭᠯᠡᠵᠦ᠂ ᠦᠢᠯᠡᠳᠬᠦ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ︔ ᠲᠣᠭᠲᠠᠭᠠᠯ ᠶᠣᠰᠣᠭᠠᠷ ᠠᠵᠢᠯ ᠲᠥᠷᠥᠯ ᠤᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠬᠤᠯᠪᠣᠭᠳᠠᠯ ᠪᠦᠬᠦᠢ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠲᠤᠰᠬᠠᠢ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠵᠢᠷᠭᠤᠭ᠎ᠠ︶ ᠤᠯᠠᠨ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠪᠠ ᠤᠯᠠᠨ ᠲᠦᠷᠦᠯ ᠤᠨ ᠥᠮᠴᠢᠯᠡᠯ ᠤᠨ ᠲᠤᠮᠤ ᠠᠵᠤ ᠠᠬᠤᠶᠢᠯᠠᠯ ᠤᠨ ᠲᠤᠮᠤ ᠪᠦᠯᠦᠭᠯᠡᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠪᠠ ᠲᠦᠷᠭᠡᠳᠬᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠳᠤᠮᠳᠠ ᠵᠢᠵᠢᠭ ᠠᠵᠤ ᠠᠬᠤᠶᠢᠯᠠᠯ ᠤᠨ  ᠦᠢᠯᠡᠴᠢᠯᠡᠭᠡᠨ ᠤ ᠰᠢᠰᠲ᠋ᠧᠮᠵᠢ ᠪᠣᠯᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ︔ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号