ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ
ᠨᠡᠶᠢᠲᠡᠯᠡᠭᠰᠡᠨ ᠴᠠᠭ᠄
2024/3/4
ᠡᠭᠦᠷᠭᠡ ᠬᠠᠷᠢᠭᠤᠴᠠᠯᠭ᠎ᠠ ︵ᠨᠢᠭᠡ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠲᠦᠴᠢᠦᠸᠠᠨ ᠰᠢᠶᠠᠨ ᠤ ᠬᠤᠯᠪᠣᠭᠳᠠᠯ ᠪᠦᠬᠦᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥ ᠶᠢᠨ ᠪᠣᠳᠣᠯᠭ᠎ᠠ᠂ ᠳᠦᠷᠢᠮ ᠵᠢᠴᠢ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ︵ᠬᠤᠶᠠᠷ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠳᠤ ᠲᠣᠭᠲᠠᠭᠠᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠣᠯᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠡᠭᠦᠷᠭᠡᠯᠡᠵᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠤᠷ᠎ᠠ ᠪᠠᠷ ᠢᠶᠠᠨ ᠨᠠᠭᠠᠵᠤ ᠡᠯᠭᠦᠬᠦ᠂ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠡᠷᠢᠶᠡᠴᠢᠵᠦ ᠵᠢᠷᠤᠬᠤ ᠵᠡᠷᠭᠡ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠠᠯᠠᠷᠠᠭᠤᠯᠬᠤ ᠬᠡᠷᠡᠭᠲᠡᠶ᠃ ︵ᠭᠤᠷᠪᠠ︶ ᠬᠤᠲᠠ ᠶᠢᠨ ᠲᠣᠭᠤᠷᠢᠭ ᠤᠨ ᠲᠥᠯᠥᠪᠵᠢᠭᠦᠯᠭᠡ ᠶᠢᠨ ᠬᠡᠪᠴᠢᠶᠡᠨ ᠳᠣᠲᠣᠷ᠎ᠠ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠢ ᠳᠠᠮᠵᠢᠭᠰᠠᠨ ᠦᠭᠡᠶ ᠪᠠ ᠲᠥᠯᠥᠪᠵᠢᠭᠦᠯᠭᠡ ᠶᠢᠨ ᠵᠥᠪᠰᠢᠶᠡᠷᠡᠯ ᠢᠶᠠᠷ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ ᠦᠭᠡᠶ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠡᠭᠦᠷᠭᠡᠯᠡᠬᠦ ᠶᠢᠨ ᠬᠠᠮᠲᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃︵ᠳᠥᠷᠪᠡ︶ ᠬᠤᠲᠠ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠰᠡᠭ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠡᠭᠦᠷᠭᠡᠯᠡᠵᠦ᠂ ᠬᠤᠲᠠ ᠶᠢᠨ ᠨᠣᠭᠤᠭᠠᠷᠠᠭᠤᠯᠤᠯᠲᠠ ᠪᠠ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠠᠯᠠᠷᠠᠭᠤᠯᠤᠨ᠎ᠠ᠃ ︵ᠲᠠᠪᠤ︶ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠰᠡᠭ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠣᠯᠤᠨ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠡᠭᠦᠷᠭᠡᠯᠡᠵᠦ᠂ ᠬᠤᠲᠠ ᠶᠢᠨ ᠶᠠᠪᠤᠳᠠᠯ ᠤᠨ ᠨᠡᠶᠢᠲᠡ ᠶᠢᠨ ᠪᠡᠯᠡᠳᠬᠡᠮᠵᠢ ᠶᠢ ᠡᠪᠳᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠠᠯᠠᠷᠠᠭᠤᠯᠤᠨ᠎ᠠ᠃ ︵ᠵᠢᠷᠭᠤᠭ᠎ᠠ︶ ᠬᠤᠲᠠ ᠶᠢᠨ ᠵᠠᠮ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠰᠡᠭ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠣᠯᠤᠨ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠡᠭᠦᠷᠭᠡᠯᠡᠵᠦ᠂ ᠬᠤᠲᠠ ᠶᠢᠨ ᠵᠠᠮ ᠢ ᠡᠪᠳᠡᠬᠦ ᠪᠠ ᠡᠵᠡᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠠᠯᠠᠷᠠᠭᠤᠯᠤᠨ᠎ᠠ᠃ ︵ᠳᠣᠯᠤᠭ᠎ᠠ︶ ᠲᠣᠭᠲᠠᠩᠭᠤᠶ ᠪᠠᠶᠢᠳᠠᠯ ᠲᠠᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠬᠤᠲᠠ ᠶᠢᠨ ᠲᠣᠭᠤᠷᠢᠭ ᠤᠨ ᠵᠠᠮ ᠤᠨ ᠴᠢᠯᠠᠭᠤ ᠠᠴᠠ ᠳᠡᠭᠡᠭᠰᠢᠬᠢ ᠲᠡᠷᠭᠡ ᠬᠥᠰᠬᠡ ᠶᠢ ᠲᠣᠭᠲᠠᠭᠠᠯ ᠶᠣᠰᠣᠭᠠᠷ ᠵᠣᠭᠰᠣᠭᠠᠭᠰᠠᠨ ᠦᠭᠡᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠡᠭᠦᠷᠭᠡᠯᠡᠬᠦ ᠶᠢᠨ ᠬᠠᠮᠲᠤ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ︔ ᠲᠡᠷᠭᠡ ᠬᠥᠰᠬᠡ ᠬᠡᠷᠡᠭᠯᠡᠨ ᠬᠤᠳᠠᠯᠳᠤᠭ᠎ᠠ ᠡᠷᠬᠢᠯᠡᠵᠦ ᠬᠤᠲᠠ ᠶᠢᠨ ᠵᠠᠮ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠡᠭᠦᠷᠭᠡᠯᠡᠬᠦ ᠶᠢᠨ ᠬᠠᠮᠲᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠣᠯᠤᠨ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃ ︵ ᠨᠠᠢᠮᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠡᠷᠭᠡ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠬᠢᠨᠠᠯᠲᠠ ᠲᠠᠯᠪᠢᠨ᠎ᠠ᠃ ︵ᠶᠢᠰᠦ︶ ᠪᠠᠷᠢᠯᠭ᠎ᠠ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠤ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠶᠤᠯ ᠦᠭᠡᠶ ᠶᠢᠨ ᠠᠳᠡᠯ ᠢ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠣᠷᠣᠯᠴᠠᠨ᠎ᠠ᠃ ︵ᠠᠷᠪᠠ︶ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠠᠯ᠎ᠠ ᠪᠠᠷ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠦᠭᠡᠶ ᠪᠠᠷ ᠡᠵᠡᠩᠨᠡᠬᠦ᠂ ᠲᠣᠭᠲᠠᠭᠠᠯ ᠠᠴᠠ ᠵᠥᠷᠢᠴᠡᠨ ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠬᠦ ᠬᠡᠷᠡᠭᠲᠡᠶ᠃ ︵ᠠᠷᠪᠠᠨ ᠨᠢᠭᠡ︶ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠭᠡᠷ ᠤᠨ ᠭᠠᠳᠠᠨᠠᠬᠢ ᠣᠯᠠᠨ ᠨᠡᠶᠢᠲᠡ ᠶᠢᠨ ᠭᠠᠵᠠᠷ ᠲᠠᠯᠠᠪᠤᠷ ᠤᠨ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠦᠷ ᠴᠢᠭ ᠢ ᠦᠨᠡᠮᠯᠡᠯ ᠦᠭᠡᠶ ᠪᠠᠷ ᠡᠵᠡᠩᠨᠡᠬᠦ᠂ ᠵᠢᠴᠢ ᠬᠠᠤᠯᠢ ᠠᠴᠠ ᠵᠥᠷᠢᠴᠡᠭᠰᠡᠨ ᠡᠮ ᠤᠨ ᠵᠦᠢᠯ ᠢ ᠡᠭᠡᠭᠦᠯᠦᠨ ᠬᠤᠷᠢᠶᠠᠵᠤ ᠫᠠᠨᠽᠠᠯᠠᠬᠤ ᠵᠡᠷᠭᠡ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ︵ᠠᠷᠪᠠᠨ ᠬᠤᠶᠠᠷ︶ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠲᠣᠭᠲᠠᠭᠠᠯ ᠢ ᠡᠭᠦᠷᠭᠡᠯᠡᠵᠦ᠂ ᠬᠤᠲᠠ ᠶᠢᠨ ᠭᠤᠣᠯ ᠤᠨ ᠵᠠᠮ ᠳᠤ ᠬᠠᠶᠠᠭᠳᠠᠮᠠᠯ ᠢ ᠴᠢᠳᠬᠤᠬᠤ ᠪᠠ ᠬᠤᠲᠠ ᠶᠢᠨ ᠭᠤᠣᠯ ᠤᠨ ᠵᠠᠮ ᠤᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠣᠯᠭᠤᠨ᠎ᠠ᠃ ︵ᠠᠷᠪᠠᠨ ᠭᠤᠷᠪᠠ︶ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ ᠤ ᠪᠣᠬᠢᠷᠲᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠣᠰᠣ ᠤᠲᠤᠭ᠎ᠠ ᠶᠢᠨ ᠪᠣᠬᠢᠷᠲᠤᠯ᠂ ᠵᠠᠳᠠᠭᠠᠶ ᠰᠢᠷᠠᠵᠤ ᠬᠠᠭᠰᠠᠭᠠᠭᠰᠠᠨ ᠪᠣᠬᠢᠷᠲᠤᠯ᠂ ᠬᠤᠲᠠ ᠶᠢᠨ ᠪᠠᠷᠤᠭᠰᠢᠨ᠂ ᠰᠦᠯᠢᠶᠣᠣ ᠂ ᠬᠤᠭ ᠨᠣᠪᠰᠢ ᠵᠡᠷᠭᠡ ᠤᠲᠤᠭ᠎ᠠ ᠲᠣᠭᠤᠰᠣ ᠪᠠ ᠦᠮᠡᠬᠡᠶ ᠦᠨᠦᠷ ᠤᠨ ᠪᠣᠬᠢᠷᠲᠤᠯ᠂ ᠵᠠᠳᠠᠭᠠᠶ ᠰᠢᠲᠠᠭᠠᠭᠰᠠᠨ ᠡᠰᠢ ᠰᠦᠷᠡᠯ ᠤᠨ ᠨᠠᠪᠴᠢ ᠵᠡᠷᠭᠡ ᠤᠲᠤᠭ᠎ᠠ ᠶᠢᠨ ᠪᠣᠬᠢᠷᠲᠤᠯ᠂ ᠬᠤᠸᠠᠷ ᠫᠤᠤᠵᠢᠩ ᠤᠨ ᠪᠣᠬᠢᠷᠲᠤᠯ ᠵᠡᠷᠭᠡ ᠶᠢᠨ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ︵ᠠᠷᠪᠠᠨ ᠳᠥᠷᠪᠡ︶ ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠵᠠᠷ ᠮᠡᠳᠡᠭᠡ ᠪᠠᠶᠢᠷᠢᠯᠠᠭᠤᠯᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ︵ᠠᠷᠪᠠᠨ ᠲᠠᠪᠤ︶ ᠬᠤᠲᠠ ᠶᠢᠨ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠬᠦ ᠂ ᠨᠡᠶᠢᠭᠡᠮᠴᠢᠯᠡᠬᠦ᠂ ᠲᠤᠰᠬᠠᠶᠢᠵᠢᠭᠤᠯᠬᠤ ᠪᠠ ᠠᠵᠤ ᠦᠢᠯᠡᠰᠴᠢᠯᠡᠬᠦ ᠬᠥᠭᠵᠢᠯᠲᠡ ᠶᠢ ᠬᠠᠷᠢᠭᠤᠴᠠᠨ ᠠᠬᠢᠭᠤᠯᠤᠨ᠎ᠠ᠃ ᠣᠳᠣ ᠦᠶ᠎ᠡ ᠶᠢᠨ ᠲᠣᠭᠠᠵᠢᠭᠤᠯᠤᠭᠰᠠᠨ ᠮᠡᠳᠡᠭᠡ ᠵᠠᠩᠭᠢ ᠶᠢᠨ ᠮᠡᠷᠭᠡᠵᠢᠯ ᠢ ᠬᠠᠷᠢᠭᠤᠴᠠᠨ ᠠᠰᠢᠭᠯᠠᠵᠤ᠂ ᠬᠤᠲᠠ ᠶᠢᠨ ᠬᠠᠮᠢᠶᠠᠷᠤᠯᠲᠠ ᠶᠢᠨ ᠲᠣᠭᠠᠵᠢᠭᠤᠯᠬᠤ᠂ ᠨᠠᠷᠢᠯᠢᠭᠵᠢᠭᠤᠯᠬᠤ᠂ ᠤᠶᠤᠨᠴᠢᠯᠠᠬᠤ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ︵ᠠᠷᠪᠠᠨ ᠵᠢᠷᠭᠤᠭ᠎ᠠ︶ ᠰᠤᠮᠤ ᠪᠠᠯᠭᠠᠰᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ︵ᠠᠷᠪᠠᠨ ᠳᠣᠯᠤᠭ᠎ᠠ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃ ︵ᠠᠷᠪᠠᠨ ᠨᠠᠢᠮᠠ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠨ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠠᠷᠪᠠ ᠶᠢᠰᠦ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠰᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号