ᠲᠦᠴᠢᠤᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ 
ᠨᠡᠶᠢᠲᠡᠯᠡᠭᠰᠡᠨ ᠴᠠᠭ᠄
2024/3/4
ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶ ᠨᠠᠮ ᠪᠣᠯᠤᠨ ᠤᠯᠤᠰ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠪᠣᠯᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠵᠢᠭᠦᠯᠭᠡ᠂ ᠬᠠᠮᠢᠶᠠᠷᠤᠯᠲᠠ ᠶᠢᠨ ᠪᠣᠳᠠᠲᠠᠶ ᠲᠣᠭᠲᠠᠭᠠᠯ᠂ ᠠᠷᠭ᠎ᠠ᠂ ᠨᠠᠷᠢᠨ ᠳᠦᠷᠢᠮ ᠵᠡᠷᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ︵ᠬᠤᠶᠠᠷ︶ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠣᠯᠤᠨ ᠲᠦᠴᠢᠦᠸᠠᠨ ᠰᠢᠶᠠᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠦᠬᠦ ᠰᠢᠶᠠᠨ ᠤ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠳᠣᠮᠳᠠ ᠤᠷᠲᠤ ᠬᠤᠭᠤᠴᠠᠭᠠᠨ ᠤ ᠪᠠ ᠵᠢᠯ ‍ᠦᠨ‌‍ᠲ᠋ᠥ᠋ᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠭᠤᠷᠪᠠ︶ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠰᠣᠶᠣᠯ᠂ ᠪᠡᠶ᠎ᠡ ᠶᠢᠨ ᠲᠠᠮᠢᠷ ᠤᠨ ᠲᠠᠯᠠᠪᠤᠷ ᠵᠢᠴᠢ ᠭᠤᠣᠯᠳᠠᠯᠭ᠎ᠠ ᠲᠠᠢ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠬᠡᠷᠡᠭᠲᠡᠶ︔ ᠪᠦᠬᠦ ᠰᠢᠶᠠᠨ ᠤ ᠭᠤᠤᠯ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠶᠡᠷᠦᠩᠬᠡᠶ ᠴᠣᠭᠴᠠ ᠶᠢᠨ ᠠᠬᠢᠭᠤᠯᠬᠤ ᠠᠵᠢᠯ ᠢ ᠬᠠᠷᠢᠭᠤᠴᠠᠨ᠎ᠠ︔ ᠰᠣᠶᠣᠯ᠂ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠢ ᠠᠬᠢᠭᠤᠯᠤᠨ᠎ᠠ᠃ ᠲᠣᠭᠲᠠᠴᠠ ᠶᠢᠨ ᠥᠭᠡᠷᠡᠴᠢᠯᠡᠯᠲᠡ︔ ᠪᠦᠬᠦ ᠰᠢᠶᠠᠨ ᠭᠠᠵᠠᠷ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ︵ᠲᠦᠷᠪᠡ︶ ᠤᠳᠬ᠎ᠠ ᠵᠣᠬᠢᠶᠠᠯ᠂ ᠤᠷᠠᠯᠢᠭ ᠤᠨ ᠦᠢᠯᠡᠰ ᠢ ᠬᠠᠮᠢᠶᠠᠷᠤᠨ᠎ᠠ︔ ᠨᠡᠶᠢᠭᠡᠮ ᠤᠨ ᠰᠣᠶᠣᠯ ᠤᠨ ᠦᠢᠯᠡᠰ ᠢ ᠬᠠᠮᠢᠶᠠᠷᠴᠤ᠂ ᠡᠯ᠎ᠡ ᠲᠥᠷᠥᠯ ᠤᠨ ᠨᠡᠶᠢᠭᠡᠮ ᠤᠨ ᠰᠣᠶᠣᠯ ᠤᠨ ᠦᠢᠯᠡᠰ ᠤᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ︔ ᠤᠷᠠᠯᠢᠭ ᠤᠨ ᠵᠣᠬᠢᠶᠠᠨ ᠪᠦᠲᠦᠭᠡᠯᠭᠡ ᠬᠢᠭᠡᠳ ᠦᠢᠯᠡᠳᠪᠦᠷᠢᠯᠡᠯ ᠢ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠠᠷᠠᠭᠤᠯᠤᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢᠶᠠᠷ ᠡᠯ᠎ᠡ ᠲᠥᠷᠥᠯ ᠵᠦᠢᠯ ᠤᠨ ᠤᠷᠠᠯᠢᠭ᠂ ᠡᠯ᠎ᠡ ᠤᠷᠠᠯᠢᠭ ᠤᠨ ᠲᠥᠷᠥᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ︔ ᠰᠣᠶᠣᠯ ᠤᠷᠠᠯᠢᠭ ᠤᠨ ᠴᠢᠬᠤᠯᠠ ᠶᠡᠭᠡ ᠠᠵᠢᠯᠯᠠᠭ᠎ᠠ ᠶᠢ ᠬᠠᠮᠢᠶᠠᠷᠤᠨ᠎ᠠ︔ ᠪᠦᠬᠦ ᠰᠢᠶᠠᠨ ᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ︔ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠲᠡᠩᠴᠡᠭᠦᠷᠢᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠮᠠᠨᠳᠤᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ︵ᠳᠣᠯᠤᠭ᠎ᠠ︶ ᠨᠣᠮ ᠤᠨ ᠰᠠᠩ ᠤᠨ ᠦᠢᠯᠡᠰ ᠢ ᠬᠠᠮᠢᠶᠠᠷᠴᠤ᠂ ᠨᠣᠮ ᠪᠢᠴᠢᠭ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ᠂ ᠨᠡᠭᠡᠭᠡᠯᠲᠡ ᠪᠠ ᠠᠰᠢᠭᠯᠠᠯᠲᠠ ᠶᠢ ᠵᠢᠯᠣᠭᠤᠳᠤᠨ᠎ᠠ︔ ᠪᠦᠬᠦ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯ᠂ ᠰᠣᠶᠣᠯ ᠤᠨ ᠮᠦᠽᠧᠢ ᠶᠢᠨ ᠦᠢᠯᠡᠰ ᠤᠨ ᠬᠠᠮᠢᠶᠠᠷᠤᠯᠲᠠ ᠶᠢ ᠴᠢᠩᠭᠠᠳᠬᠠᠨ᠂ ᠪᠦᠬᠦ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯ ᠦᠭᠡᠶ ᠶᠢ ᠬᠠᠮᠠᠭᠠᠯᠠᠬᠤ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ︵ᠨᠠᠢᠮᠠ︶ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠭᠠᠳᠠᠭᠠᠳᠤ ᠳᠤ ᠬᠠᠨᠳᠤᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠤ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠭ᠎ᠠ᠂ ᠳᠡᠯᠭᠡᠷᠡᠭᠦᠯᠦᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠤᠨ ᠭᠠᠳᠠᠭᠠᠳᠤ ᠳᠤ ᠬᠠᠨᠳᠤᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠤ ᠰᠣᠯᠢᠯᠴᠠᠭ᠎ᠠ ᠶᠢᠨ ᠠᠵᠢᠯᠯᠠᠭ᠎ᠠ ᠳᠤ ᠣᠷᠣᠯᠴᠠᠨ᠎ᠠ᠃ ︵ᠶᠢᠰᠦ︶ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠮᠢᠶᠠᠷᠴᠤ᠂ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠬᠢᠨᠠᠨ ᠬᠠᠮᠢᠶᠠᠷᠤᠨ᠎ᠠ᠃ ︵ᠠᠷᠪᠠ︶ ᠪᠦᠬᠦ ᠰᠢᠶᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠭᠦᠯᠵᠦ᠂ ᠪᠦᠬᠦ ᠰᠢᠶᠠᠨ ᠤ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠪᠦᠬᠦ ᠰᠢᠶᠠᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢᠨ ᠭᠠᠳᠠᠭᠠᠳᠤ ᠤᠬᠠᠭᠤᠯᠭ᠎ᠠ ᠪᠠ ᠴᠢᠬᠤᠯᠠ ᠶᠡᠭᠡ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ︔ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠪᠣᠯᠤᠨ ᠴᠢᠬᠤᠯᠠ ᠵᠢᠭᠤᠯᠴᠢᠯᠠᠯ ᠤᠨ ᠦᠢᠯᠡᠳᠬᠦᠨ ᠤ ᠨᠡᠭᠡᠭᠡᠯᠲᠡ ᠶᠢ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠲᠦᠯᠬᠢᠨ ᠠᠬᠢᠭᠤᠯᠤᠨ᠎ᠠ᠃ ︵ᠠᠷᠪᠠᠨ ᠨᠢᠭᠡ︶ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠲᠥᠯᠥᠪᠵᠢᠭᠦᠯᠬᠦ᠂ ᠨᠡᠭᠡᠭᠡᠨ ᠬᠥᠭᠵᠢᠭᠦᠯᠬᠦ ᠪᠠ ᠬᠠᠮᠢᠶ᠎ᠠ ᠪᠦᠬᠦᠢ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠤ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠵᠢᠯᠣᠭᠤᠳᠤᠨ᠎ᠠ︔ ᠠᠮᠠᠷᠠᠯᠲᠠ ᠶᠢᠨ ᠡᠳᠦᠷ ᠤᠨ ᠵᠢᠭᠤᠯᠴᠢᠯᠠᠯ ᠪᠠ ᠬᠤᠪᠢᠰᠬᠠᠯᠲᠤ ᠵᠢᠭᠤᠯᠴᠢᠯᠠᠯ ᠤᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠦᠬᠦ ᠰᠢᠶᠠᠨ ᠤ ᠬᠢᠯᠢ ᠠᠴᠠ ᠭᠠᠷᠴᠤ ᠵᠢᠭᠤᠯᠴᠢᠯᠠᠬᠤ ᠪᠠ ᠬᠢᠯᠢ ᠶᠢᠨ ᠵᠢᠭᠤᠯᠴᠢᠯᠠᠬᠤ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠡᠷᠬᠡ ᠣᠯᠭᠤᠯᠲᠠ ᠶᠢ ᠦᠨᠳᠦᠰᠦᠯᠡᠨ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠵᠢᠭᠤᠯᠴᠢᠯᠠᠯ ᠤᠨ ᠬᠡᠯᠡᠯᠴᠡᠭᠡᠷ ᠲᠣᠭᠲᠠᠭᠠᠵᠤ᠂ ᠵᠢᠭᠤᠯᠴᠢᠯᠠᠯ ᠤᠨ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠢᠯᠣᠭᠤᠳᠤᠨ᠎ᠠ᠃ ︵ᠠᠷᠪᠠᠨ ᠬᠤᠶᠠᠷ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠪᠠᠶᠢᠴᠠᠭᠠᠵᠤ᠂ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠭᠥᠯᠢᠶᠡᠨ ᠠᠪᠴᠤ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠠᠷᠪᠠᠨ ᠭᠤᠷᠪᠠ︶ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ︾ ᠶᠢ ᠶᠠᠪᠤᠭᠤᠯᠵᠤ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ︔ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠪᠠ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠲᠦᠷᠢᠮ ᠢ ᠬᠡᠷᠡᠭᠵᠢᠭᠦᠯᠦᠨ᠎ᠡ︔ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠦᠨ᠎ᠡ︔ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠪᠦᠬᠦ ᠰᠢᠶᠠᠨ ᠤ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠳᠥᠷᠪᠡ︶ ᠲᠦᠴᠢᠦᠸᠠᠨ ᠰᠢᠶᠠᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠬᠢᠭᠡᠳ ᠪᠠᠶᠢᠷᠢᠰᠢᠭᠤᠯᠤᠯ ᠢ ᠰᠤᠳᠤᠯᠬᠤ ᠪᠠ ᠲᠥᠯᠥᠪᠵᠢᠭᠦᠯᠦᠨ᠎ᠡ︔ ᠪᠦᠬᠦ ᠰᠢᠶᠠᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠣᠭᠤᠳᠤᠨ ᠠᠬᠢᠭᠤᠯᠤᠨ᠎ᠠ︔ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠠᠷᠪᠠᠨ ᠲᠠᠪᠤ︶  ᠪᠦᠬᠦ ᠰᠢᠶᠠᠨ ᠤ ᠴᠢᠨᠠᠷᠲᠠᠶ ᠴᠢᠬᠤᠯᠠ ᠶᠡᠭᠡ ᠪᠡᠶ᠎ᠡ ᠶᠢᠨ ᠲᠠᠮᠢᠷ ᠤᠨ ᠠᠵᠢᠯᠯᠠᠭ᠎ᠠ᠂ ᠬᠢᠨᠠᠭᠴᠢ ᠶᠢᠨ ᠡᠩᠨᠡᠭᠡ ᠪᠣᠯᠤᠨ ᠭᠠᠳᠠᠭᠠᠳᠤ ᠪᠡᠶ᠎ᠡ ᠶᠢᠨ ᠲᠠᠮᠢᠷ ᠤᠨ ᠬᠠᠮᠵᠢᠯᠴᠠᠭ᠎ᠠ ᠬᠢᠭᠡᠳ ᠰᠣᠯᠢᠯᠴᠠᠭ᠎ᠠ ᠶᠢ ᠰᠢᠰᠲ᠋ᠧᠮᠵᠢᠭᠦᠯᠦᠨ ᠬᠠᠮᠢᠶᠠᠷᠬᠤ ᠬᠡᠷᠡᠭᠲᠡᠶ᠃ ᠪᠦᠬᠦ ᠰᠢᠶᠠᠨ ᠤ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠭᠤᠤᠯᠯᠠᠨ ᠡᠷᠬᠢᠯᠡᠬᠦ︔ ᠰᠢᠶᠠᠨ ᠤ ᠳᠣᠲᠣᠷ᠎ᠠ ᠳᠠᠭᠠᠭᠠᠨ ᠡᠷᠬᠢᠯᠡᠬᠦ ᠰᠢᠶᠠᠨ ᠤ ᠳᠣᠲᠣᠷ᠎ᠠ ᠭᠠᠳᠠᠨᠠᠬᠢ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ︔ ᠡᠯ᠎ᠡ ᠠᠵᠢᠯ ᠲᠥᠷᠥᠯ ᠤᠨ ᠰᠢᠰᠲ᠋ᠧᠮ ᠪᠣᠯᠤᠨ ᠦᠨᠳᠦᠰᠦᠨ ᠱᠠᠲᠤᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠯᠣᠭᠤᠳᠤᠨ ᠬᠠᠪᠰᠤᠷᠤᠨ᠎ᠠ︔ ᠲᠤᠰ ᠰᠢᠰᠲ᠋ᠧᠮ᠂ ᠡᠯ᠎ᠡ ᠠᠵᠢᠯ ᠲᠥᠷᠥᠯ ᠤᠨ ᠰᠢᠰᠲ᠋ᠧᠮ ᠵᠢᠴᠢ ᠠᠷᠠᠳ ᠤᠨ ᠭᠠᠳᠠᠭᠠᠳᠤ ᠲᠠᠢ ᠪᠡᠶ᠎ᠡ ᠶᠢᠨ ᠲᠠᠮᠢᠷ ᠤᠨ ᠲᠠᠯ᠎ᠠ ᠪᠠᠷ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠠᠵᠢᠯ ᠢ ᠵᠢᠯᠣᠭᠤᠳᠤᠨ᠎ᠠ︔ ᠪᠦᠬᠦ ᠰᠢᠶᠠᠨ ᠤ ᠴᠢᠨᠠᠷᠲᠠᠶ ᠪᠡᠶ᠎ᠡ ᠶᠢᠨ ᠲᠠᠮᠢᠷ ᠤᠨ ᠪᠦᠯᠬᠦᠮ ᠤᠨ ᠬᠢᠷᠢ ᠬᠡᠮ ᠢ ᠬᠢᠨᠠᠬᠤ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠢ ᠳᠠᠭᠠᠭᠠᠨ ᠡᠷᠬᠢᠯᠡᠬᠦ ᠪᠠ ᠣᠷᠣᠯᠴᠠᠬᠤ ᠶᠢ ᠬᠠᠷᠢᠭᠤᠴᠠᠨ᠎ᠠ︔ ᠪᠦᠬᠦ ᠰᠢᠶᠠᠨ ᠤ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠣᠯᠯᠠᠨ ᠡᠷᠬᠢᠯᠡᠨ᠎ᠡ᠃ ︵ᠠᠷᠪᠠᠨ ᠵᠢᠷᠭᠤᠭ᠎ᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠠᠴᠠ ᠬᠤᠪᠢᠶᠠᠷᠢᠯᠠᠨ ᠰᠢᠯᠵᠢᠭᠦᠯᠦᠭᠰᠡᠨ ᠬᠢᠨᠠᠨ ᠵᠥᠪᠰᠢᠶᠡᠷᠡᠬᠦ ᠵᠦᠢᠯ ᠳᠤ ᠬᠢᠨᠠᠨ ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠳᠠᠬᠢᠵᠤ ᠡᠭᠦᠷᠭᠡᠯᠡᠬᠦ ᠦᠭᠡᠶ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠠᠷᠪᠠᠨ ᠳᠤᠯᠤᠭ᠎ᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号