ᠤᠰᠤᠨ ᠠᠰᠢᠭᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/3/4
  1 . ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠵᠦ᠂ ᠪᠦᠬᠦ ᠰᠢᠶᠠᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃    2 . ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠨᠢᠭᠡᠳᠦᠯᠲᠡᠶ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠰᠢᠶᠠᠨ ᠤ ᠤᠰᠤᠨ ᠤ ᠳᠤᠮᠳᠠ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠰᠢᠶᠠᠨ ᠤ ᠴᠢᠬᠤᠯᠠ ᠰᠠᠪᠠ ᠭᠠᠵᠠᠷ᠂ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯ ᠤᠨ ᠳᠦᠷᠢᠮ ᠤᠨ ᠠᠵᠢᠯ ᠳᠤ ᠬᠢᠨᠠᠯᠲᠠ ᠲᠠᠯᠪᠢᠨ ᠵᠢᠯᠣᠭᠤᠳᠴᠤ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠢᠶᠠᠩ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃    3 . ᠲᠣᠭᠲᠠᠭᠠᠯ ᠶᠣᠰᠣᠭᠠᠷ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠢ ᠳᠠᠭᠠᠷᠢᠨ ᠭᠠᠷᠭᠠᠬᠤ ᠶᠢ ᠬᠠᠷᠢᠭᠤᠴᠠᠵᠤ᠂ ᠪᠦᠲᠦᠭᠡᠨ ᠪᠠᠶᠢᠭᠤᠯᠤᠯᠲᠠ ᠶᠢ ᠪᠣᠳᠠᠲᠠᠶ ᠲᠣᠬᠢᠷᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠵᠢᠯᠣᠭᠤᠳᠴᠤ᠂ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠭᠠᠳ᠂ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠦᠨᠡᠲᠦ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      4 . ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠵᠢᠯᠣᠭᠤᠳᠤᠨ᠎ᠠ᠃ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠠᠶ᠃       5 ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠤᠰᠤ ᠶᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠲᠦᠯᠬᠢᠨ ᠠᠬᠢᠭᠤᠯᠤᠨ᠎ᠠ᠃       6 . ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠶᠢᠨ ᠱᠤᠭᠤᠮ ᠤᠨ ᠬᠠᠮᠢᠶᠠᠷᠤᠯᠲᠠ᠂ ᠬᠠᠮᠠᠭᠠᠯᠠᠯᠲᠠ ᠪᠣᠯᠤᠨ ᠶᠡᠷᠦᠩᠬᠡᠶᠢᠯᠡᠭᠰᠡᠨ ᠠᠰᠢᠭᠯᠠᠯᠲᠠ ᠶᠢ ᠵᠢᠯᠣᠭᠤᠳᠤᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠰᠢᠶᠠᠨ ᠤ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠬᠦ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠦᠬᠦ ᠰᠢᠶᠠᠨ ᠤ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃      7 . ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠶᠢᠨ ᠬᠡᠪᠴᠢ᠊ ᠡᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠰᠤᠨ ᠤ ᠡᠷᠲᠡ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃     8 . ᠪᠦᠬᠦ ᠰᠢᠶᠠᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠪᠣᠳᠠᠲᠤ ᠴᠠᠬᠢᠯᠭᠠᠨ ᠳᠤ ᠬᠢᠨᠠᠯᠲᠠ ᠲᠠᠯᠪᠢᠵᠤ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠵᠤ᠂ ᠪᠦᠬᠦ ᠰᠢᠶᠠᠨ ᠤ ᠲᠥᠷᠥᠯ ᠵᠦᠶ᠋ᠯ ᠪᠠᠶᠢᠭᠤᠯᠤᠭᠰᠠᠨ ᠦᠶ᠋ᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠤᠰᠤᠨ ᠳᠡᠭᠡᠷᠡᠬᠢ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠭᠤᠤᠯᠳᠠᠯᠭ᠎ᠠ ᠲᠠᠢ ᠬᠥᠷᠥᠰᠥ ᠰᠢᠷᠣᠶ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        9 . ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠤᠰᠤᠯᠠᠵᠤ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ᠂ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠪᠣᠯᠤᠨ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     10 . ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠷᠠᠳ ᠢ ᠨᠡᠭᠦᠯᠭᠡᠨ ᠲᠥᠪᠬᠢᠨᠡᠭᠦᠯᠬᠦ ᠶᠢᠨ ᠰᠢᠯᠭᠠᠨ ᠠᠪᠬᠤ᠂ ᠬᠢᠨᠠᠯᠲᠠ ᠲᠠᠯᠪᠢᠨ ᠦᠨᠡᠯᠡᠨ ᠵᠢᠱᠢᠬᠦ ᠵᠡᠷᠭᠡ ᠳᠦᠷᠢᠮ ᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠃ ᠤᠰᠤᠨ ᠴᠥᠭᠦᠷᠥᠮ ᠢ ᠵᠢᠯᠣᠭᠤᠳᠤᠨ ᠬᠢᠨᠠᠬᠤ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号