( ᠨᠢᠭᠡ ) ᠨᠠᠮ ᠪᠠ ᠲᠦᠷᠦ ᠶᠢᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠵᠢᠴᠢ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠲᠣᠭᠲᠠᠭᠠᠯ᠂ ᠰᠢᠢᠳᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ᠂ | ᠰᠢᠢᠳᠪᠦᠷᠢ ᠶᠢ ᠬᠡᠷᠡᠭᠵᠢᠭᠦᠯᠦᠨ᠎ᠡ ᠃ | ( ᠬᠤᠶᠠᠷ ) ᠨᠠᠮ ᠤᠨ ᠪᠠᠶᠢᠭᠤᠯᠤᠯᠲᠠ ᠶᠢᠨ ᠠᠵᠢᠯ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠰᠤᠷᠲᠠᠯ | ᠤᠬᠠᠭᠤᠯᠭ᠎ᠠ ᠦᠵᠡᠯ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢᠨ ᠰᠢᠰᠲ᠋ᠧᠮ ᠢ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠪᠠᠶᠢᠳᠠᠯ ᠳᠣᠤᠷᠠᠬᠢ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ᠎ᠠ᠃ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ ᠤᠷᠢᠳᠴᠢᠯᠠᠨ | ᠰᠡᠷᠭᠡᠶᠢᠯᠡᠬᠦ ᠪᠠ ᠵᠠᠯᠬᠠᠭᠠᠨ ᠰᠢᠳᠬᠡᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ( ᠭᠤᠷᠪᠠ ) ᠠᠵᠤ ᠠᠬᠤᠢ ᠶᠢᠨ ᠬᠥᠭᠵᠢᠯᠲᠡ ᠶᠢᠨ ᠠᠵᠢᠯ᠃ ᠪᠠᠯᠭᠠᠰᠤ ᠲᠣᠰᠬᠤᠨ ᠤ ᠠᠵᠤ ᠠᠬᠤᠶ ᠨᠡᠶᠢᠭᠡᠮ | ᠤᠨ ᠬᠥᠭᠵᠢᠯᠲᠡ ᠶᠢ ᠲᠦᠷᠭᠡᠳᠬᠡᠵᠦ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ | ᠬᠡᠷᠡᠭᠲᠡᠶ᠃ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠭᠤᠤᠯᠯᠠᠬᠤ ᠠᠵᠤ | ᠦᠶᠯᠡᠰ ᠢ ᠪᠣᠶᠢᠵᠢᠭᠤᠯᠤᠨ᠂ ᠠᠵᠤ ᠦᠶᠯᠡᠰ ᠤᠨ ᠪᠦᠲᠦᠴᠡ ᠶᠢ ᠲᠥᠯᠥᠪᠵᠢᠭᠦᠯᠦᠨ ᠲᠣᠬᠢᠷᠠᠭᠤᠯᠬᠤ ᠶᠢ | ᠬᠡᠷᠡᠭᠵᠢᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠪᠠ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡᠨ | ᠬᠠᠩᠭᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠷᠣᠨ ᠪᠦᠰᠡ ᠶᠢᠨ | ᠣᠨᠴᠠᠯᠢᠭᠲᠤ ᠠᠵᠤ ᠠᠬᠤᠶ ᠶᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ | ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠭᠠᠶᠢᠯᠢ ᠶᠢᠨ ᠢᠷᠡᠯᠳᠡ ᠶᠢ ᠪᠣᠶᠢᠵᠢᠭᠤᠯᠵᠤ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ | ᠠᠵᠢᠯ ᠢ ᠴᠢᠩᠭᠠᠳᠬᠠᠨ᠎ᠠ᠃ | ( ᠳᠥᠷᠪᠡ ) ᠶᠡᠷᠦᠩᠬᠡᠶᠢᠯᠡᠨ ᠬᠠᠮᠢᠶᠠᠷᠬᠤ ᠠᠵᠢᠯ᠃ ᠣᠷᠣᠨ ᠪᠦᠰᠡ ᠶᠢᠨ ᠬᠥᠭᠵᠢᠯᠲᠡ ᠶᠢ ᠠᠬᠢᠭᠤᠯᠵᠤ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠷᠢᠶ᠎ᠠ | ᠣᠷᠣᠨ ᠤ ᠬᠥᠭᠵᠢᠯᠲᠡ ᠶᠢᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ | ᠬᠤᠲᠠ ᠪᠠᠯᠭᠠᠰᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠣᠯᠪᠠᠰᠤᠨ | ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠬᠠᠷᠢᠶ᠎ᠠ ᠣᠷᠣᠨ | ᠤ ᠳᠣᠲᠣᠷᠠᠬᠢ ᠨᠡᠶᠢᠭᠡᠮ ᠤᠨ ᠬᠠᠮᠢᠶᠠᠷᠤᠯᠲᠠ᠂ ᠠᠵᠤ ᠠᠬᠤᠶ ᠶᠢᠨ ᠬᠥᠭᠵᠢᠯᠲᠡ ᠶᠢᠨ ᠬᠠᠮᠢᠶᠠᠷᠤᠯᠲᠠ᠂ ᠣᠯᠠᠨ | ᠨᠡᠶᠢᠲᠡ ᠶᠢᠨ ᠦᠶᠯᠡᠴᠢᠯᠡᠭᠡᠨ ᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ | ᠶᠢᠨ ᠠᠵᠢᠯ ᠢ ᠨᠠᠶᠢᠳᠠᠪᠤᠷᠢᠵᠢᠭᠤᠯᠤᠨ᠎ᠠ᠃ | ( ᠲᠠᠪᠤ ) ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ᠃ ᠬᠠᠷᠢᠶᠠᠲᠤ ᠣᠷᠣᠨ ᠤ ᠣᠯᠠᠨ ᠨᠡᠶᠢᠲᠡ ᠶᠢᠨ ᠠᠮᠤᠷ | ᠲᠦᠪᠰᠢᠨ ᠵᠢᠴᠢ ᠠᠶᠤᠯ ᠥᠬᠡᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠯᠠᠨ ᠨᠡᠶᠢᠲᠡ | ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠂ ᠭᠡᠨᠡᠳᠲᠡ ᠶᠢᠨ ᠪᠠᠴᠢᠮ ᠬᠡᠷᠡᠭ ᠢ | ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠵᠤ᠂ ᠠᠶᠤᠯ ᠥᠬᠡᠶ ᠦᠶᠯᠡᠳᠪᠦᠷᠢᠯᠡᠯ᠂ ᠦᠶᠡᠷ ᠢ ᠰᠡᠷᠭᠡᠶᠢᠯᠡᠬᠦ᠂ ᠭᠠᠯ | ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ | ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠠᠷᠠᠳ ᠤᠨ ᠵᠡᠪᠰᠡᠭᠲᠦ ᠬᠦᠴᠦᠨ᠂ ᠤᠯᠤᠰ ᠤᠨ ᠭᠠᠵᠠᠷ ᠰᠢᠷᠣᠶ | ᠡᠬᠢ ᠪᠠᠶᠠᠯᠢᠭ ᠤᠨ ᠬᠢᠨᠠᠨ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠯᠮᠦᠷᠢ ᠶᠢᠨ | ᠬᠢᠨᠠᠨ ᠪᠠᠶᠢᠴᠠᠭᠠᠯᠲᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠪᠠ ᠳᠡᠭᠡᠳᠦ ᠱᠠᠲᠤᠨ ᠤ ᠪᠠᠶᠢᠭᠤᠯᠭ᠎ᠠ ᠶᠢᠨ ᠡᠷᠬᠡ ᠣᠯᠭᠤᠭᠰᠠᠨ ᠵᠦᠶᠯᠡᠰ ᠶᠣᠰᠣᠭᠠᠷ᠂ ᠬᠠᠮᠢᠶ᠎ᠠ ᠪᠥᠬᠦᠶ | ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠶᠢ ᠥᠷᠨᠢᠭᠦᠯᠦᠨ᠂ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠡᠭᠦᠷᠭᠡᠯᠡᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ | ᠨᠡᠶᠢᠭᠡᠮ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ | ᠪᠠᠲᠤᠯᠠᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ | ᠲᠤ ᠦᠨᠳᠦᠰᠦᠨ ᠱᠠᠲᠤᠨ ᠤ ᠣᠯᠠᠨ ᠲᠦᠮᠡᠨ ᠤ ᠰᠠᠨᠠᠯ᠂ ᠰᠠᠨᠠᠭᠤᠯᠭ᠎ᠠ ᠪᠠ ᠬᠦᠰᠡᠯ ᠱᠠᠭᠠᠷᠳᠠᠯᠭ᠎ᠠ ᠶᠢ ᠵᠢᠷᠤᠮ | ᠶᠣᠰᠣᠭᠠᠷ ᠲᠤᠰᠬᠠᠨ᠎ᠠ᠃ ᠬᠠᠷᠢᠶ᠎ᠠ ᠣᠷᠣᠨ ᠤ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | ( ᠵᠢᠷᠭᠤᠭ᠎ᠠ ) ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ᠃ ᠣᠯᠠᠨ ᠲᠦᠮᠡᠨ ᠤ ᠠᠮᠢᠳᠤᠷᠠᠯ ᠯᠤᠭ᠎ᠠ | ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠴᠢᠳᠠᠪᠤᠷᠢᠲᠠᠨ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠠᠷᠠᠳ ᠤᠨ | ᠶᠠᠪᠤᠳᠠᠯ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠲᠥᠯᠥᠪᠯᠡᠭᠡᠲᠦ ᠦᠷᠡᠵᠢᠯ᠂ ᠲᠤᠭ᠎ᠠ ᠪᠦᠷᠢᠳᠬᠡᠯ᠂ ᠪᠡᠶ᠎ᠡ ᠶᠢᠨ ᠲᠠᠮᠢᠷ᠂ ᠶᠠᠳᠠᠭᠤ ᠶᠢ ᠲᠡᠳᠬᠦᠬᠦ᠂ ᠵᠡᠮᠳᠡᠭᠴᠦᠳ᠂ | ᠴᠡᠷᠢᠭ ᠢᠶᠠᠨ ᠬᠦᠷᠢᠶᠡᠯᠡᠨ ᠬᠠᠷᠠᠭᠠᠯᠵᠠᠬᠤ᠂ ᠨᠡᠶᠢᠭᠡᠮ ᠤᠨ ᠪᠦᠯᠬᠦᠮ ᠵᠡᠷᠭᠡ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠤᠰᠤ ᠵᠡᠷᠭᠡ | ᠬᠦᠷᠢᠶᠡᠨ ᠤ ᠮᠡᠷᠭᠡᠵᠢᠯ ᠣᠷᠣᠭᠤᠯᠬᠤ᠂ ᠪᠣᠯᠪᠠᠰᠤᠷᠠᠭᠤᠯᠬᠤ ᠪᠠ ᠳᠡᠯᠭᠡᠷᠡᠭᠦᠯᠬᠦ ᠵᠡᠷᠭᠡ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠳᠡᠭᠡᠳᠦ ᠱᠠᠲᠤᠨ ᠤ ᠪᠠᠶᠢᠭᠤᠯᠭ᠎ᠠ ᠶᠢᠨ | ᠡᠷᠬᠡ ᠣᠯᠭᠤᠭᠰᠠᠨ ᠵᠦᠶᠯᠡᠰ ᠶᠣᠰᠣᠭᠠᠷ᠂ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ | ᠥᠷᠨᠢᠭᠦᠯᠦᠨ᠎ᠡ ( ᠳᠠᠭᠠᠯᠳᠤᠭᠤᠯᠤᠯ ᠢ ᠦᠵᠡ )᠃ ᠦᠶᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ | ᠦᠶᠯᠡᠴᠢᠯᠡᠭᠡᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ | ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠲᠠᠪᠴᠠᠩ ᠲᠡᠰᠢ ᠲᠥᠪᠯᠡᠷᠡᠭᠦᠯᠬᠦ ᠶᠢ ᠠᠬᠢᠭᠤᠯᠤᠨ᠂ ᠣᠯᠠᠨ | ᠲᠦᠮᠡᠨ ᠤ ᠨᠢᠭᠡ ᠤᠳᠠᠭ᠎ᠠ ᠳᠤ ᠠᠵᠢᠯ ᠶᠠᠪᠤᠳᠠᠯ ᠭᠦᠶᠴᠡᠳᠬᠡᠵᠦ ᠳᠠᠭᠤᠰᠬᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠎ᠡ᠃ | ( ᠳᠣᠯᠤᠭ᠎ᠠ ) ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠠᠵᠢᠯ ᠃ | ᠦᠨᠳᠦᠰᠦᠨ ᠱᠠᠲᠤᠨ ᠤ ᠤᠳᠤᠷᠢᠳᠬᠤ ᠪᠠᠭ᠂ ᠺᠠᠳ᠋ᠷ ᠤᠨ ᠡᠩᠨᠡᠭᠡ ᠪᠣᠯᠤᠨ ᠨᠠᠮ ᠤᠨ ᠭᠡᠰᠢᠭᠦᠨ ᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠎ᠠ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ | ᠥᠪᠡᠷᠲᠡᠭᠡᠨ ᠵᠠᠰᠠᠬᠤ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠳᠦᠷᠢᠮ ᠤᠨ | ᠪᠠᠶᠢᠭᠤᠯᠤᠯᠲᠠ ᠶᠢ ᠠᠬᠢᠭᠤᠯᠤᠨ᠎ᠠ︔ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | ( ᠨᠠᠢᠮᠠ ) ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ |