ᠵᠡᠭᠦᠨ ᠳᠥᠷᠥᠯᠵᠢ ᠪᠠᠯᠭᠠᠰᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠲᠤᠰᠢᠶᠠᠯ | ᠡᠭᠦᠷᠭᠡ᠄ | | 1. ᠬᠠᠷᠢᠶ᠎ᠠ ᠣᠷᠣᠨ ᠤ ᠪᠠᠨ ᠳᠣᠲᠣᠷᠠᠬᠢ ᠵᠠᠰᠠᠭ ᠵᠠᠬᠢᠷᠭᠠᠨ ᠤ ᠭᠠᠴᠠᠭ᠎ᠠ ᠪᠣᠯᠤᠨ ᠰᠢᠭᠤᠳ ᠬᠠᠷᠢᠶ᠎ᠠ ᠨᠢᠭᠡᠴᠢ | ᠶᠢ ᠰᠢᠭᠤᠳ ᠤᠳᠤᠷᠢᠳᠤᠨ ᠬᠠᠮᠢᠶᠠᠷᠤᠨ᠎ᠠ ᠃ ᠰᠢᠶᠠᠨ ᠤ ᠲᠤᠰ ᠪᠠᠯᠭᠠᠰᠤᠨ ᠳᠤ ᠲᠣᠮᠢᠯᠠᠨ ᠰᠠᠭᠤᠯᠭᠠᠭᠰᠠᠨ | ᠬᠤᠯᠪᠣᠭᠳᠠᠯ ᠪᠦᠬᠦᠢ ᠨᠢᠭᠡᠴᠢ ᠶᠢ ᠵᠣᠬᠢᠴᠠᠭᠤᠯᠤᠨ ᠤᠳᠤᠷᠢᠳᠤᠨ᠎ᠠ ᠃ | 2 . ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠵᠤ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠯ᠂ ᠵᠢᠭᠠᠪᠤᠷᠢ ᠵᠡᠷᠭᠡ ᠶᠢ ᠪᠦᠲᠦᠮᠵᠢᠲᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠃ ᠲᠤᠰ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠲᠤᠤᠱᠯᠠᠭᠤᠯᠤᠨ | ᠬᠡᠷᠡᠭᠵᠢᠭᠦᠯᠦᠨ᠎ᠡ ᠃ | 3 . ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠪᠥᠬᠦ | ᠪᠠᠯᠭᠠᠰᠤᠨ ᠤ ᠡᠯ᠎ᠡ ᠠᠵᠢᠯ ᠲᠥᠷᠥᠯ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠵᠦ᠂ ᠨᠠᠮ ᠤᠨ ᠬᠤᠷᠢᠶ᠎ᠠ | ᠶᠢᠨ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ ᠃ | 4 . ᠪᠥᠬᠦ ᠪᠠᠯᠭᠠᠰᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠯᠤᠰ ᠬᠡᠲᠦ ᠶᠢᠨ | ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠬᠢᠵᠦ᠂ | ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ 《 ᠭᠤᠷᠪᠠ ᠭᠤᠷᠪᠠ ᠶᠢᠨ ᠲᠦᠷᠢᠮ 》 ᠤᠨ | ᠪᠠᠶᠢᠷᠢᠰᠢᠯ ᠢᠶᠠᠷ ᠵᠣᠬᠢᠴᠠᠩᠭᠤᠶ ᠬᠥᠭᠵᠢᠭᠦᠯᠦᠨ᠎ᠡ ᠃ | 5 . ᠲᠤᠰ ᠬᠠᠷᠢᠶ᠎ᠠ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠠᠵᠢᠯ ᠢ ᠬᠠᠷᠢᠭᠤᠴᠠᠨ᠎ᠠ ᠃ | 6 . ᠡᠳ᠋ ᠤᠨ ᠵᠠᠰᠠᠭ ᠤᠨ ᠳᠦᠷᠢᠮ ᠪᠣᠯᠤᠨ ᠵᠠᠷᠴᠢᠮ ᠢ ᠵᠢᠷᠤᠮᠯᠠᠨ᠂ ᠲᠠᠷᠢᠶᠠᠯᠠᠩ ᠮᠠᠯ ᠠᠵᠤ ᠠᠬᠤᠶ ᠪᠣᠯᠤᠨ | ᠠᠵᠤ ᠦᠶᠯᠡᠳᠪᠦᠷᠢ ᠬᠤᠳᠠᠯᠳᠤᠭ᠎ᠠ ᠶᠢᠨ ᠭᠠᠶᠢᠯᠢ ᠶᠢ ᠬᠠᠤᠯᠢ ᠶᠣᠰᠣᠭᠠᠷ ᠨᠡᠮᠡᠭᠳᠡᠭᠦᠯᠵᠦ᠂ ᠭᠠᠶᠢᠯᠢ ᠶᠢᠨ ᠢᠷᠡᠯᠲᠡ ᠶᠢ | ᠨᠡᠭᠡᠭᠡᠵᠦ᠂ ᠣᠷᠣᠯᠭ᠎ᠠ ᠪᠠᠨ ᠨᠡᠮᠡᠭᠳᠡᠭᠦᠯᠦᠨ ᠣᠷᠣᠯᠭ᠎ᠠ ᠡᠭᠦᠳᠬᠦ ᠶᠢᠨ ᠬᠠᠮᠲᠤ ᠪᠠᠯᠭᠠᠰᠤ ᠲᠣᠰᠬᠤᠨ ᠬᠤᠶᠠᠷ ᠱᠠᠲᠤᠨ | ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠬᠢᠨᠠᠨ ᠪᠣᠳᠣᠵᠤ ᠬᠢᠨᠠᠯᠲᠠ ᠲᠠᠯᠪᠢᠬᠤ ᠠᠵᠢᠯ ᠢ | ᠴᠢᠩᠭᠠᠳᠬᠠᠬᠤ ᠬᠡᠷᠡᠭᠲᠡᠶ ᠃ | 7 . ᠡᠨᠧᠷᠭᠢ ᠪᠣᠯᠤᠨ ᠵᠠᠮ ᠬᠠᠷᠢᠯᠴᠠᠭ᠎ᠠ ᠶᠢ ᠶᠡᠬᠡᠪᠡᠷ ᠬᠥᠭᠵᠢᠭᠦᠯᠵᠦ᠂ ᠰᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠴᠠᠭᠤᠯᠤᠨ ᠪᠠᠯᠭᠠᠰᠤ ᠲᠣᠰᠬᠤᠨ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠰᠢᠶᠠᠩ ᠪᠠᠯᠭᠠᠰᠤᠨ ᠤ ᠠᠵᠤ ᠠᠬᠤᠶᠢᠯᠠᠯ ᠢ ᠶᠡᠬᠡᠪᠡᠷ | ᠬᠥᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠬᠡᠷᠡᠭᠲᠡᠶ ᠃ | 8 . ᠡᠯ᠎ᠡ ᠵᠦᠶᠯ ᠤᠨ ᠲᠤᠭ᠎ᠠ ᠪᠦᠷᠢᠳᠬᠡᠯ ᠤᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠥᠳᠡᠭᠡ ᠲᠣᠰᠬᠤᠨ | ᠤ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠬᠢᠵᠦ᠂ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠦᠨ᠂ ᠠᠮᠤ | ᠪᠤᠳᠠᠭ᠎ᠠ ᠲᠠᠲᠠᠪᠤᠷᠢᠯᠠᠨ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠠᠴᠠ ᠪᠠᠭᠤᠯᠭᠠᠭᠰᠠᠨ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠃ | 9 . ᠲᠣᠰᠬᠤᠨ ᠤ ᠠᠷᠠᠳ ᠤᠨ ᠵᠥᠪᠯᠡᠯ ᠤᠨ ᠠᠵᠢᠯ ᠢ ᠵᠢᠯᠣᠭᠤᠳᠴᠤ᠂ ᠣᠯᠠᠨ ᠲᠦᠮᠡᠨ ᠢ ᠬᠦᠯᠢᠶᠡᠨ ᠠᠪᠬᠤ | ᠵᠠᠬᠢᠳᠠᠯ᠂ ᠰᠤᠷᠪᠤᠯᠵᠢᠯᠠᠯ ᠬᠢᠬᠦ ᠪᠠᠷ ᠢᠷᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠣᠯᠠᠨ ᠲᠦᠮᠡᠨ ᠤ ᠰᠠᠨᠠᠯ ᠢ | ᠰᠣᠨᠣᠰᠴᠤ᠂ ᠬᠦᠴᠢᠷᠳᠡᠯ ᠢ ᠰᠢᠶᠳᠪᠦᠷᠢᠯᠡᠨ᠂ ᠵᠥᠷᠢᠴᠡᠯ ᠢ ᠰᠢᠶᠳᠪᠦᠷᠢᠯᠡᠵᠦ᠂ ᠣᠯᠠᠨ ᠲᠦᠮᠡᠨ ᠤ ᠶᠠᠪᠤᠳᠠᠯ ᠢ | ᠰᠠᠶᠢᠲᠤᠷ ᠬᠢᠬᠦ ᠬᠡᠷᠡᠭᠲᠡᠶ ᠃ |