ᠯᠢᠦ ᠬᠤ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2024/3/4
    ᠯᠢᠦ ᠬᠤ᠋ ᠪᠠᠯᠭᠠᠰᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠭᠤᠤᠯ ᠲᠤᠰᠢᠶᠠᠯ ᠬᠠᠷᠢᠭᠤᠴᠠᠯᠭ᠎ᠠ  ᠄      ᠨᠠᠮ ᠤᠨ ᠲᠠᠷᠢᠶᠠᠯᠠᠬᠤ ᠮᠠᠯᠵᠢᠬᠤ ᠣᠷᠣᠨ ᠳᠠᠬᠢ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ  ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠤᠷᠲᠠᠯ ᠪᠣᠯᠤᠨ ᠳᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠶᠤᠨ ᠤ ᠪᠣᠯᠪᠠᠰᠤᠨ ᠤ ᠪᠠᠶᠢᠭᠤᠯᠤᠯᠲᠠ  ᠶᠢ ᠰᠠᠶᠢᠲᠤᠷ ᠬᠢᠨ᠎ᠡ︔ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠬᠤ ᠬᠡᠷᠡᠭᠲᠡᠶ︔ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠣᠯᠤᠨ ᠬᠠᠤᠯᠢ ᠴᠠᠭᠠᠵᠠ ᠶᠢᠨ ᠦᠶᠯᠡᠴᠢᠯᠡᠭᠡᠨ ᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠣᠯᠤᠨ ᠵᠢᠭᠤᠷᠠᠯᠳᠤᠭᠠᠨ ᠢ ᠨᠠᠮᠳᠠᠭᠤᠯᠤᠨ᠂ ᠨᠡᠶᠢᠭᠡᠮ ᠤᠨ ᠡᠮᠬᠢ ᠳᠢᠭᠯᠢᠮ  ᠤᠨ ᠲᠣᠭᠲᠠᠭᠤᠨ ᠢ ᠬᠠᠮᠠᠭᠠᠯᠠᠬᠤ ᠬᠡᠷᠡᠭᠲᠡᠶ︔ ᠨᠡᠶᠢᠭᠡᠮ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︔ ᠲᠠᠷᠢᠶᠠᠴᠢᠨ ᠮᠠᠯᠴᠢᠳ ᠲᠤ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠬᠠᠩᠭᠠᠵᠤ᠂ ᠬᠥᠳᠡᠭᠡ ᠲᠣᠰᠬᠤᠨ ᠤ ᠢᠯᠡᠭᠦᠴᠡ ᠬᠥᠳᠡᠯᠮᠦᠷᠢ ᠬᠦᠴᠦᠨ ᠢ ᠬᠠᠪᠰᠤᠷᠤᠨ ᠰᠢᠯᠵᠢᠭᠦᠯᠦᠨ᠎ᠡ︔ ᠰᠣᠶᠣᠯ ᠣᠨ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠣᠨ ᠦᠢᠯᠡᠴᠢᠯᠡᠭᠡᠨ ᠢ ᠥᠷᠨᠢᠭᠦᠯᠵᠦ᠂ ᠲᠠᠷᠢᠶᠠᠴᠢᠨ ᠮᠠᠯᠴᠢᠳ ᠣᠨ ᠨᠠᠰᠤᠵᠢᠯ ᠣᠨ ᠳᠠᠭᠠᠳᠬᠠᠯ ᠪᠣᠯᠤᠨ ᠬᠤᠷᠰᠢᠭᠰᠠᠨ ᠡᠮᠨᠡᠯᠭᠡ ᠵᠡᠷᠭᠡ ᠨᠡᠶᠢᠭᠡᠮ ᠣᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠲᠥᠯᠬᠢᠨ ᠠᠬᠢᠭᠤᠯᠤᠨ᠎ᠠ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠵᠤ᠂ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠤᠨ ᠲᠣᠰᠬᠤᠨ ᠤ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠭᠤᠯᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠮᠠᠭᠠᠶ ᠰᠠᠶᠢᠲᠤᠷ ᠠᠳᠬᠤᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠢ ᠡᠷᠲᠡᠬᠡᠨ ᠶᠠᠳᠠᠭᠤ ᠠᠴᠠ ᠨᠢ ᠠᠩᠭᠢᠵᠢᠷᠠᠭᠤᠯᠤᠨ ᠴᠢᠨᠡᠭᠡᠯᠢᠭ ᠬᠡᠮᠵᠢᠶᠡᠨ ᠳᠤ ᠬᠦᠷᠦᠭᠦᠯᠬᠦ ᠬᠡᠷᠡᠭᠲᠡᠶ  ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号