ᠱᠦᠶ ᠴᠢᠤᠸᠠᠨ ᠪᠠᠯᠭᠠᠰᠤᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ ᠬᠠᠷᠢᠭᠤᠴᠠᠯᠭ᠎ᠠ ᠄ | 1 . ᠲᠤᠰ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠪᠠ | ᠳᠡᠭᠡᠳᠦ ᠱᠠᠲᠤᠨ ᠤ ᠲᠦᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠵᠦ᠂ | ᠲᠣᠭᠲᠠᠭᠠᠯ ᠪᠠ ᠵᠠᠷᠯᠢᠭ ᠢ ᠨᠡᠶᠢᠲᠡᠯᠡᠨ᠎ᠡ ᠃ | 2 . ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ᠂ ᠲᠥᠰᠦᠪ ᠢ ᠭᠦᠢᠴᠡᠳᠬᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠤ ᠠᠬᠤᠢ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ | ᠪᠠ ᠡᠳ᠋ ᠤᠨ ᠵᠠᠰᠠᠭ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ | ᠵᠠᠬᠢᠷᠭ᠎ᠠ᠂ ᠲᠥᠯᠥᠪᠯᠡᠭᠡ ᠲᠠᠢ ᠪᠠᠷ ᠬᠡᠦᠬᠡᠳ ᠠᠪᠬᠤ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ | ᠬᠠᠮᠢᠶᠠᠷᠤᠨ᠎ᠠ ᠃ | 3 . ᠨᠡᠶᠢᠭᠡᠮ ᠵᠢᠷᠤᠮ ᠤᠨ ᠠᠷᠠᠳ ᠨᠡᠶᠢᠲᠡ ᠶᠢᠨ ᠥᠮᠴᠢᠯᠡᠯ ᠤᠨ ᠡᠳ᠋ ᠬᠦᠷᠦᠩᠭᠡ ᠪᠠ ᠬᠠᠮᠲᠤ ᠶᠢᠨ | ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ | ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠵᠤ᠂ ᠠᠷᠠᠳ ᠢᠷᠭᠡᠨ ᠤ | ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠦᠨᠳᠦᠰᠦᠨ ᠡᠷᠬᠡ ᠶᠢ ᠪᠠᠲᠤᠯᠠᠨ᠎ᠠ ᠃ | 4 . ᠡᠯ᠎ᠡ ᠵᠦᠢᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ | ᠢ ᠬᠠᠮᠠᠭᠠᠯᠠᠨ᠎ᠠ ᠃ | 5 . ᠴᠥᠭᠡᠨ ᠲᠣᠭᠠᠲᠤ ᠦᠨᠳᠦᠰᠦᠲᠡᠨ ᠤ ᠡᠷᠬᠡ ᠶᠢ ᠪᠠᠲᠤᠯᠠᠬᠤ ᠪᠠ ᠴᠥᠭᠡᠨ ᠲᠣᠭᠠᠲᠤ ᠦᠨᠳᠦᠰᠦᠲᠡᠨ ᠤ | ᠵᠠᠩ ᠳᠠᠳᠬᠠᠯ ᠢ ᠬᠦᠨᠳᠦᠳᠬᠡᠨ᠎ᠡ ᠃ | 6 . ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠡᠮᠡᠭᠲᠡᠶᠢᠴᠦᠳ ᠲᠤ ᠣᠯᠭᠤᠭᠰᠠᠨ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ᠂ ᠠᠳᠠᠯᠢ ᠠᠵᠢᠯ ᠳᠤ ᠠᠳᠠᠯᠢ ᠬᠥᠯᠥᠰᠥ ᠤᠯᠬᠤ ᠪᠠ ᠤᠷᠤᠬ ᠤᠨ ᠶᠠᠪᠤᠳᠠᠯ ᠤᠨ ᠡᠷᠬᠡ | ᠴᠢᠯᠥᠭᠡᠲᠡᠢ ᠪᠠᠶᠢᠬᠤ ᠵᠡᠷᠭᠡ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ ᠃ | 7 . ᠲᠤᠰ ᠱᠠᠲᠤᠨ ᠤ ᠨᠠᠮ ᠤᠨ ᠬᠤᠷᠢᠶ᠎ᠠ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠤᠴᠢᠷ ᠶᠠᠪᠤᠳᠠᠯ ᠢ ᠭᠦᠢᠴᠡᠳᠬᠡᠨ᠎ᠡ ᠃ |