| ᠭᠤᠣᠯ ᠡᠭᠦᠷᠭᠡ ᠬᠠᠷᠢᠭᠤᠴᠠᠯᠭ᠎ᠠ᠄ | ᠨᠢᠭᠡ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠲᠥᠯᠦᠪᠵᠢᠭᠦᠯᠭᠡ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠰᠤᠳᠤᠯᠭᠠᠨ ᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ | ᠭᠤᠷᠪᠠ᠂ ᠪᠥᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠥᠲᠥᠯᠥᠨ | ᠳᠠᠭᠠᠭᠤᠯᠵᠤ᠂ ᠪᠥᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠳᠥᠷᠪᠡ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠳᠡᠩᠰᠡᠯᠡᠨ ᠺᠠᠷᠲᠯᠠᠬᠤ ᠪᠠ | ᠮᠡᠳᠡᠭᠡ ᠵᠠᠩᠭᠢ ᠶᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠠᠪᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ | ᠲᠥᠰᠥᠯ ᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠠᠵᠢᠯ ᠢ ᠰᠠᠶᠢᠲᠤᠷ ᠬᠢᠨ᠎ᠡ᠃ | ᠵᠢᠷᠭᠤᠭ᠎ᠠ᠂ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ | ᠨᠡᠶᠢᠭᠡᠮ ᠤᠨ ᠡᠯ᠎ᠡ ᠡᠲᠡᠭᠡᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠤᠯᠴᠠᠬᠤ ᠶᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠲᠠᠯ᠎ᠠ ᠪᠠᠷ ᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ᠳᠣᠯᠤᠭ᠎ᠠ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠶᠢᠨ ᠬᠠᠮᠵᠢᠯᠴᠠᠨ ᠵᠣᠬᠢᠴᠠᠭᠤᠯᠵᠤ | ᠬᠠᠷᠢᠯᠴᠠᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ | ᠵᠣᠬᠢᠶᠠᠨ ᠪᠠᠶᠢᠭᠤᠯᠤᠨ᠎ᠠ᠃ | ᠨᠠᠢᠮᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠨ | ᠰᠢᠯᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃ | ᠶᠢᠰᠦ᠂ ᠲᠦᠴᠢᠦᠸᠠᠨ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠦᠢᠯᠡᠴᠢᠯᠡᠭᠡᠨ ᠤ | ᠪᠠᠲᠤᠯᠠᠭ᠎ᠠ ᠶᠢᠨ ᠲᠥᠪ ᠤᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠤᠭᠤᠳᠬᠤ ᠶᠢ ᠡᠭᠦᠷᠭᠡᠯᠡᠨ᠎ᠡ᠃ | | ᠠᠷᠪᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ | ᠠᠵᠢᠯᠯᠠᠬᠤ ᠬᠠᠶ᠋ᠢᠭ᠄ ᠲᠦᠴᠢᠦᠸᠠᠨ ᠰᠢᠶᠠᠨ ᠤ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ A | ᠰᠠᠭᠤᠳᠠᠯᠲᠤ ᠬᠤᠶᠠᠳᠤᠭᠠᠷ ᠠᠰᠠᠷ | ᠬᠠᠷᠢᠯᠴᠠᠬᠤ ᠤᠲᠠᠰᠤ᠄ 0482 ︱ 5122772 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 ︱ 11᠄ 3014᠄ 30 | ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠸᠠᠩ ᠪᠢᠶᠣᠣ | | |