ᠭᠤᠣᠯ ᠡᠭᠦᠷᠭᠡ ᠬᠠᠷᠢᠭᠤᠴᠠᠯᠭ᠎ᠠ | ᠨᠢᠭᠡ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠥᠪ᠂ ᠥᠪᠡᠷᠲᠡᠭᠡᠨ ᠵᠠᠰᠠᠬᠤ ᠣᠷᠣᠨ᠂ | ᠬᠢᠩᠭᠠᠨ ᠠᠶᠢᠮᠠᠭ᠂ ᠲᠦᠴᠢᠦᠸᠠᠨ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠳᠦᠷᠢᠮ ᠬᠢᠭᠡᠳ ᠪᠤᠰᠤᠳ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | ᠬᠤᠶᠠᠷ᠂ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠳᠤ ᠲᠣᠭᠲᠠᠭᠠᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠡᠭᠦᠷᠭᠡᠯᠡᠵᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ | ᠲᠠᠯᠪᠢᠬᠤ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠡᠯᠭᠦᠬᠦ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ | ᠤᠨᠠᠭᠠᠬᠤ᠂ ᠳᠤᠷ᠎ᠠ ᠪᠠᠷ ᠢᠶᠠᠨ ᠡᠷᠢᠶᠡᠴᠢᠵᠦ ᠳᠤᠷ᠎ᠠ ᠪᠠᠷ ᠢᠶᠠᠨ ᠵᠢᠷᠤᠬᠤ ᠵᠡᠷᠭᠡ ᠬᠤᠲᠠ ᠶᠢᠨ ᠳᠦᠷᠰᠦ ᠪᠠᠶᠢᠳᠠᠯ ᠢ | ᠨᠥᠯᠥᠭᠡᠯᠡᠬᠦ ᠵᠡᠷᠭᠡ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠠᠯᠠᠷᠠᠭᠤᠯᠤᠨ᠎ᠠ᠃ | ᠭᠤᠷᠪᠠ᠂ ᠬᠤᠲᠠ ᠶᠢᠨ ᠲᠣᠭᠤᠷᠢᠭ ᠤᠨ ᠲᠥᠯᠦᠪᠵᠢᠭᠦᠯᠭᠡ ᠶᠢᠨ ᠬᠡᠪᠴᠢᠶᠡᠨ ᠳᠣᠲᠣᠷᠠᠬᠢ ᠲᠥᠯᠦᠪᠵᠢᠭᠦᠯᠭᠡ᠂ | ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠢ ᠳᠠᠮᠵᠢᠭᠰᠠᠨ ᠦᠭᠡᠢ ᠪᠠ ᠲᠥᠯᠦᠪᠵᠢᠭᠦᠯᠭᠡ ᠶᠢᠨ ᠵᠥᠪᠰᠢᠶᠡᠷᠡᠯ ᠤᠨ | ᠶᠣᠰᠣᠭᠠᠷ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠤᠭᠰᠠᠨ ᠦᠭᠡᠢ ᠵᠡᠷᠭᠡ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷᠠᠬᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠡᠭᠦᠷᠭᠡᠯᠡᠨ᠎ᠡ᠃ | ᠳᠥᠷᠪᠡ᠂ ᠬᠤᠳᠠ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠠᠤᠯᠢ ᠴᠠᠭᠠᠵᠠ᠂ | ᠬᠠᠤᠯᠢ ᠲᠣᠭᠲᠠᠭᠠᠯ ᠲᠤ ᠲᠣᠭᠲᠠᠭᠠᠭᠰᠠᠨ ᠬᠡᠰᠡᠭ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠣᠯᠣᠨ | ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠡᠭᠦᠷᠭᠡᠯᠡᠵᠦ᠂ ᠬᠤᠳᠠ ᠶᠢᠨ ᠨᠣᠭᠤᠭᠠᠷᠠᠭᠤᠯᠤᠯᠲᠠ ᠪᠣᠯᠣᠨ | ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠲᠤ | ᠬᠢᠨᠠᠯᠲᠠ ᠲᠠᠯᠪᠢᠬᠤ ᠪᠠ ᠵᠠᠯᠠᠷᠠᠭᠤᠯᠬᠤ ᠬᠡᠷᠡᠭᠲᠡᠢ᠃ | ᠲᠠᠪᠤ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ | ᠲᠣᠭᠲᠠᠭᠠᠭᠰᠠᠨ ᠬᠡᠰᠡᠭ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠵᠠᠰᠠᠭ ᠵᠠᠬᠢᠷᠭᠠᠨ ᠤ ᠰᠢᠳᠬᠡᠯ | ᠥᠭᠬᠦ ᠡᠷᠬᠡ ᠶᠢ ᠡᠭᠦᠷᠭᠡᠯᠡᠵᠦ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ | ᠡᠪᠳᠡᠭᠰᠡᠨ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠵᠤ ᠵᠠᠯᠠᠷᠠᠭᠤᠯᠤᠨ᠎ᠠ᠃ | ᠵᠢᠷᠭᠤᠭ᠎ᠠ᠂ ᠬᠤᠳᠠ ᠶᠢᠨ ᠵᠠᠮ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ | ᠲᠤ ᠲᠣᠭᠲᠠᠭᠠᠭᠰᠠᠨ ᠬᠡᠰᠡᠭ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠣᠯᠣᠨ ᠵᠠᠰᠠᠭ ᠵᠠᠬᠢᠷᠭᠠᠨ ᠤ | ᠰᠢᠳᠬᠡᠨ ᠲᠣᠷᠭᠠᠬᠤ ᠡᠷᠬᠡ ᠶᠢ ᠡᠭᠦᠷᠭᠡᠯᠡᠵᠦ᠂ ᠬᠤᠳᠠ ᠶᠢᠨ ᠵᠠᠮ ᠢ ᠡᠪᠳᠡᠬᠦ ᠪᠠ ᠡᠵᠡᠯᠡᠬᠦ ᠬᠠᠤᠯᠢ ᠠᠴᠠ ᠵᠥᠷᠢᠴᠡᠭᠰᠡᠨ | ᠥᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠵᠠᠯᠠᠷᠠᠭᠤᠯᠤᠨ᠎ᠠ᠃ | ᠳᠣᠯᠤᠭ᠎ᠠ᠂ ᠲᠣᠭᠲᠠᠩᠭᠤᠢ ᠲᠡᠷᠭᠡ ᠬᠥᠰᠬᠡ ᠶᠢᠨ ᠬᠠᠮᠢᠶᠠᠷᠤᠯᠲᠠ ᠶᠢ ᠡᠭᠦᠷᠭᠡᠯᠡᠬᠦ ᠲᠠᠯ᠎ᠠ ᠪᠠᠷ ᠬᠤᠲᠠ ᠶᠢᠨ | ᠲᠣᠭᠤᠷᠢᠭ ᠤᠨ ᠵᠠᠮ ᠤᠨ ᠰᠢᠳᠦᠨ ᠤ ᠴᠢᠯᠠᠭᠤ ᠠᠴᠠ ᠳᠡᠭᠡᠭᠰᠢᠬᠢ ᠲᠡᠷᠭᠡ ᠬᠥᠰᠬᠡ ᠶᠢ ᠲᠣᠭᠲᠠᠭᠠᠯ ᠶᠣᠰᠣᠭᠠᠷ | ᠵᠣᠭᠰᠣᠭᠠᠭᠰᠠᠨ ᠦᠭᠡᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠴᠤ᠂ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠶᠢᠳᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ︔ ᠲᠡᠷᠭᠡ ᠬᠥᠰᠬᠡ ᠬᠡᠷᠡᠭᠯᠡᠨ | ᠬᠤᠳᠠᠯᠳᠤᠭ᠎ᠠ ᠡᠷᠭᠢᠯᠡᠵᠦ ᠬᠤᠲᠠ ᠶᠢᠨ ᠵᠠᠮ ᠢ ᠡᠵᠡᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠬᠦ ᠶᠢᠨ ᠬᠠᠮᠲᠤ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ | ᠠᠷᠭ᠎ᠠ ᠬᠡᠮᠵᠢᠶ᠎ᠡ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ | ᠨᠠᠢᠮᠠ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠡᠷᠭᠡ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ | ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠡᠭᠦᠷᠭᠡᠯᠡᠨ᠎ᠡ᠃ | ᠶᠢᠰᠦ᠂ ᠪᠠᠷᠢᠯᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ | ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠶᠢᠨ ᠡᠷᠬᠡ ᠶᠢ ᠡᠭᠦᠷᠭᠡᠯᠡᠨ᠎ᠡ᠃ | ᠠᠷᠪᠠ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠭᠡᠷ ᠤᠨ | ᠭᠠᠳᠠᠨᠠᠬᠢ ᠤᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠦᠭᠡᠢ ᠪᠠᠷ ᠡᠵᠡᠩᠨᠡᠭᠰᠡᠨ᠂ ᠲᠣᠭᠲᠠᠭᠠᠯ ᠠᠴᠠ ᠵᠥᠷᠢᠴᠡᠨ | ᠭᠡᠷ ᠤᠨ ᠭᠠᠳᠠᠨᠠᠬᠢ ᠵᠠᠷ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠡᠭᠦᠷᠭᠡᠯᠡᠨ᠎ᠡ᠃ | ᠠᠷᠪᠠᠨ ᠨᠢᠭᠡ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠭᠡᠷ ᠤᠨ ᠭᠠᠳᠠᠨᠠᠬᠢ | ᠣᠯᠠᠨ ᠨᠡᠶᠢᠲᠡ ᠶᠢᠨ ᠲᠠᠯᠠᠪᠤᠷ ᠲᠤ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠡ ᠮᠠᠶᠢᠮᠠᠢ ᠶᠢᠨ | ᠦᠨᠡᠮᠯᠡᠯ ᠦᠭᠡᠢ ᠪᠠᠷ ᠡᠵᠡᠩᠨᠡᠬᠦ ᠵᠢᠴᠢ ᠬᠠᠤᠯᠢ ᠠᠴᠠ ᠵᠥᠷᠢᠴᠡᠨ ᠡᠮ ᠤᠨ ᠵᠦᠢᠯ ᠢ ᠬᠤᠷᠢᠶᠠᠨ ᠠᠪᠴᠤ ᠫᠠᠨᠽᠠᠯᠠᠬᠤ | ᠵᠡᠷᠭᠡ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ | ᠠᠷᠪᠠᠨ ᠬᠤᠶᠠᠷ᠂ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ | ᠲᠣᠭᠲᠠᠭᠠᠯ ᠵᠡᠷᠭᠡ ᠬᠠᠮᠢᠶ᠎ᠠ ᠪᠦᠬᠦᠢ ᠲᠣᠭᠲᠠᠭᠠᠯ ᠢ ᠡᠭᠦᠷᠭᠡᠯᠡᠵᠦ᠂ ᠬᠤᠲᠠ ᠶᠢᠨ ᠭᠤᠣᠯ ᠤᠨ ᠵᠠᠮ ᠳᠤ ᠬᠠᠶᠠᠭᠳᠠᠮᠠᠯ | ᠪᠣᠳᠠᠰ ᠴᠢᠳᠬᠤᠬᠤ ᠪᠠ ᠬᠤᠲᠠ ᠶᠢᠨ ᠭᠤᠣᠯ ᠤᠨ ᠵᠠᠮ ᠤᠨ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ | ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ | ᠠᠷᠪᠠᠨ ᠭᠤᠷᠪᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ | ᠨᠡᠶᠢᠭᠡᠮ ᠤᠨ ᠠᠮᠢᠳᠤᠷᠠᠯ ᠤᠨ ᠳᠠᠭᠤ ᠱᠤᠤᠭᠢᠶᠠᠨ ᠤ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠪᠣᠬᠢᠷᠳᠤᠯ᠂ | ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ ᠤ ᠪᠣᠬᠢᠷᠳᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ | ᠦᠢᠯᠡᠰ ᠤᠨ ᠲᠤᠰᠤᠨ ᠤᠳᠤᠭ᠎ᠠ ᠶᠢᠨ ᠪᠣᠬᠢᠷᠳᠤᠯ᠂ ᠵᠠᠳᠠᠭᠠᠢ ᠰᠢᠷᠠᠯᠭ᠎ᠠ ᠶᠢᠨ ᠪᠣᠬᠢᠷᠳᠤᠯ᠂ ᠬᠤᠳᠠ ᠶᠢᠨ | ᠰᠢᠲᠠᠭᠠᠭᠰᠠᠨ ᠯᠢᠴᠢᠩ᠂ ᠰᠦᠯᠢᠶᠥᠦ᠂ ᠬᠤᠭ ᠨᠣᠪᠰᠢ ᠵᠡᠷᠭᠡ ᠤᠳᠤᠭ᠎ᠠ ᠲᠣᠭᠤᠰᠣ ᠪᠣᠯᠣᠨ ᠦᠮᠡᠬᠡᠢ ᠦᠨᠦᠷ ᠤᠨ | ᠪᠣᠬᠢᠷᠳᠤᠯ᠂ ᠵᠠᠳᠠᠭᠠᠢ ᠰᠢᠲᠠᠭᠠᠭᠰᠠᠨ ᠡᠰᠢ ᠰᠦᠷᠡᠯ ᠤᠨᠠᠭᠰᠠᠨ ᠨᠠᠪᠴᠢ ᠵᠡᠷᠭᠡ ᠤᠳᠤᠭ᠎ᠠ ᠲᠣᠭᠤᠰᠣᠨ ᠤ ᠪᠣᠬᠢᠷᠳᠤᠯ᠂ | ᠬᠤᠸᠠᠷ ᠫᠤᠤᠵᠢᠩ ᠲᠠᠯᠪᠢᠭᠰᠠᠨ ᠪᠣᠬᠢᠷᠳᠤᠯ ᠵᠡᠷᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠠᠵᠢᠯ ᠢ | ᠬᠠᠷᠢᠭᠤᠴᠠᠨ᠎ᠠ᠃ | ᠠᠷᠪᠠᠨ ᠳᠥᠷᠪᠡ᠂ ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠵᠠᠷ ᠮᠡᠳᠡᠭᠡ ᠪᠠᠶᠢᠷᠢᠯᠠᠭᠤᠯᠬᠤ ᠶᠢ ᠬᠢᠨᠠᠨ | ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠠᠷᠪᠠᠨ ᠲᠠᠪᠤ᠂ ᠬᠤᠳᠠ ᠶᠢᠨ ᠬᠠᠮᠢᠶᠠᠷᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠬᠦ | ᠂ ᠨᠡᠶᠢᠭᠡᠮᠴᠢᠯᠡᠬᠦ᠂ ᠲᠤᠰᠬᠠᠶᠢᠵᠢᠬᠤ ᠪᠠ ᠠᠵᠤ ᠦᠢᠯᠡᠰᠴᠢᠯᠡᠨ ᠬᠥᠭᠵᠢᠬᠦ ᠶᠢ ᠬᠠᠷᠢᠭᠤᠴᠠᠨ ᠲᠦᠯᠬᠢᠨ ᠠᠬᠢᠭᠤᠯᠤᠨ᠎ᠠ᠃ | ᠣᠲᠣ ᠦᠶ᠎ᠡ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠬᠤᠲᠠ ᠶᠢᠨ ᠬᠠᠮᠢᠶᠠᠷᠤᠯᠲᠠ ᠶᠢᠨ | ᠲᠣᠭᠠᠵᠢᠭᠤᠯᠬᠤ᠂ ᠨᠠᠷᠢᠯᠢᠭᠵᠢᠭᠤᠯᠬᠤ᠂ ᠣᠶᠤᠨᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠵᠢᠯ ᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ | ᠠᠷᠪᠠᠨ ᠵᠢᠷᠭᠤᠭ᠎ᠠ᠂ ᠰᠢᠶᠠᠩ ᠪᠠᠯᠭᠠᠰᠤ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠬᠤ ᠪᠠ ᠵᠢᠯᠤᠭᠤᠳᠬᠤ ᠶᠢ ᠬᠠᠷᠢᠭᠤᠴᠠᠨ᠎ᠠ᠃ | ᠠᠷᠪᠠᠨ ᠲᠤᠯᠤᠭ᠎ᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ | ᠠᠵᠢᠯ ᠢ ᠬᠠᠷᠢᠭᠤᠴᠠᠨ᠎ᠠ᠃ | ᠠᠷᠪᠠᠨ ᠨᠠᠢᠮᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠤᠰᠤᠨ ᠠᠰᠢᠭᠯᠠᠯᠲᠠ ᠵᠡᠷᠭᠡ | ᠰᠠᠯᠠᠭ᠎ᠠ ᠮᠥᠴᠢᠷ ᠤᠨ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠡᠳᠦᠭᠡᠷ | ᠹᠷᠣᠨᠲ ᠤᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠷᠪᠠ ᠶᠢᠰᠦ᠂ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠬᠠᠤᠯᠢ ᠶᠣᠰᠣᠭᠠᠷ ᠬᠡᠷᠡᠭᠵᠢᠭᠦᠯᠵᠦ | ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 24 ᠴᠠᠭ ᠤᠨ ᠢᠯᠡᠴᠢᠯᠡᠨ ᠮᠡᠳᠡᠭᠦᠯᠬᠦ ᠤᠲᠠᠰᠤ᠄ 0482 - 5168006᠃ | ᠠᠵᠢᠯᠯᠠᠬᠤ ᠬᠠᠶ᠋ᠢᠭ᠄ ᠲᠦᠴᠢᠦᠸᠠᠨ ᠰᠢᠶᠠᠨ ᠤ ᠢᠦᠢ ᠸᠧᠨ ᠵᠡᠭᠡᠯᠢ ᠶᠢᠨ ᠬᠠᠭᠤᠴᠢᠨ ᠣᠶ ᠰᠢᠭᠤᠢ ᠶᠢᠨ | ᠲᠣᠪᠴᠢᠶ᠎ᠠ ᠶᠢᠨ ᠬᠦᠷᠢᠶᠡᠨ ᠳᠤ᠃ | ᠠᠵᠢᠯᠯᠠᠬᠤ ᠴᠠᠭ᠄ 8᠄ 30 ︱ 11᠄ 30︔14᠄ 30 ︱ 17᠄ 30 ︵ᠭᠠᠷᠠᠭ ᠤᠨ ᠨᠢᠭᠡᠨ ᠠᠴᠠ | ᠭᠠᠷᠠᠭ ᠤᠨ ᠲᠠᠪᠤᠨ᠂ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠯᠢ ᠴᠢᠩ ᠪᠢᠨ | | | | |