ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ ᠬᠦᠦᠳᠠᠭᠤᠯᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/4
   3 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ᠭ᠊    ‍ᠦ᠋ᠦᠳᠠᠭᠤᠯᠠ᠂ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠪᠣᠯ ᠰᠢᠨ᠎ᠡ ᠳᠤᠮᠳᠠᠳᠤ ᠤᠯᠤᠰ ᠪᠣᠯᠣᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ᠂ ︽ᠠᠷᠪᠠᠨ ᠳᠥᠷᠪᠡᠳᠦᠭᠡᠷ ᠲᠠᠪᠤᠨ ᠵᠢᠯ ᠤᠨ︾ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠳᠤ ᠬᠤᠷᠠᠯᠳᠤᠬᠤ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠣᠨ᠎ᠠ᠃ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠣᠷᠣᠬᠤ ᠲᠠᠢ ᠨᠢᠭᠲᠠ ᠤᠶᠠᠯᠳᠤᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠭᠠᠷᠳᠠᠬᠤ ᠴᠡᠭ ᠢ ᠣᠨᠣᠪᠴᠢᠲᠠᠢ ᠣᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠨ ᠶᠣᠰᠣ ᠳᠦᠷᠢᠮ ᠢ ᠰᠠᠬᠢᠵᠤ᠂ ᠬᠤᠷᠠᠯ ᠤᠨ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠪᠣᠯᠣᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠵᠢᠷᠤᠮᠯᠠᠵᠤ᠂ ᠵᠢᠱᠢᠶᠡᠴᠢ ᠠᠵᠢᠯᠯᠠᠭ᠎ᠠ ᠪᠠᠷ ᠢᠶᠠᠨ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ 19 ᠭᠡᠰᠢᠭᠦᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号