ᠠᠶᠢᠮᠠᠭ ᠬᠤᠳᠠ ᠶᠢᠨ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠲᠡᠭᠦᠰᠪᠡ ᠯᠢ ᠢᠦᠢ ᠭᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/4
   3 ᠳ᠋ᠤᠭᠠᠷ ᠰᠠᠷ᠎ᠠ ᠶᠢᠨ 2 ᠤᠨ ᠡᠳᠦᠷ᠂ ᠠᠶᠢᠮᠠᠭ ᠬᠤᠲᠠ ᠶᠢᠨ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠲᠡᠭᠦᠰᠬᠦ ᠶᠣᠰᠣᠯᠠᠯ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠯᠢ ᠢᠦᠢ ᠭᠠᠩ᠂ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠮᠥᠩᠭᠦᠨ ᠭᠦᠢᠯᠭᠡᠭᠡᠨ ᠪᠣᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠴᠢᠬᠤᠯᠠ ᠲᠤᠯᠭᠠᠭᠤᠷᠢᠯᠠᠯ ᠮᠥᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠬᠢᠵᠤ ᠦᠨᠳᠦᠰᠦᠲᠡᠨ ᠤ ᠭᠠᠵᠠᠷ ᠣᠷᠣᠨ ᠤ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠬᠠᠮᠠᠭᠠᠯᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ ᠮᠥᠩᠭᠦᠨ ᠭᠦᠢᠯᠭᠡᠭᠡᠨ ᠤ ᠰᠢᠰᠲ᠋ᠧᠮ ᠤᠨ ᠵᠣᠷᠢᠭ ᠰᠠᠨᠠᠭᠠᠨ ᠤ ᠳᠦᠷᠰᠦ ᠪᠠᠶᠢᠳᠠᠯ ᠢ ᠲᠠᠬᠢᠨ ᠴᠣᠭᠴᠠᠯᠠᠬᠤ ᠲᠠᠨᠢᠯᠲᠠ ᠶᠢᠨ ᠲᠠᠯ᠎ᠠ ᠪᠠᠷ ᠰᠢᠨ᠎ᠡ ᠣᠯᠣᠯᠲᠠ ᠲᠠᠢ ᠪᠣᠯᠵᠠᠢ᠃ ᠰᠤᠳᠤᠯᠤᠨ ᠶᠠᠷᠢᠯᠴᠠᠬᠤ ᠠᠩᠭᠢ ᠶᠢᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠨᠠᠮ ᠤᠨ ᠲᠥᠪ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠳᠣᠬᠢᠷᠠᠭᠤᠯᠤᠯᠲᠠ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠪᠣᠲᠠᠲᠠᠢ ᠬᠦᠴᠦ ᠣᠷᠣᠭᠤᠯᠵᠤ᠂ ᠵᠠᠰᠠᠭ ᠤᠨ ᠠᠵᠢᠯ ᠤᠨ ᠠᠮᠵᠢᠯᠲᠠ ᠶᠢᠨ ᠲᠣᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ ᠮᠥᠩᠭᠦᠨ ᠭᠦᠢᠯᠭᠡᠭᠡᠨ ᠤ ᠠᠵᠢᠯ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ︽ᠭᠤᠷᠪᠠᠨ ᠲᠠᠯ᠎ᠠ ᠪᠠᠷ ᠴᠠᠭᠠᠷᠠᠭᠰᠠᠨ︾ ᠮᠥᠩᠭᠦᠨ ᠭᠦᠢᠯᠭᠡᠭᠡᠨ ᠤ ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠴᠢᠳᠠᠮᠵᠢ︾ ᠶᠢ ᠴᠢᠩᠭᠠᠳᠬᠠᠬᠤ ᠲᠠᠯ᠎ᠠ ᠪᠠᠷ ᠪᠣᠳᠠᠲᠠᠢ ᠶᠠᠪᠤᠳᠠᠯ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠣᠷᠣᠬᠤ ᠳᠤ ᠯᠠᠪᠳᠠᠭᠤᠨ ᠪᠠᠲᠤᠲᠠᠢ ᠠᠯᠬᠤᠮ ᠶᠠᠪᠤᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号