ᠲᠠᠯ᠎ᠠ ᠨᠤᠲᠤᠭ ᠤᠨ ᠨᠣᠮ ᠤᠨ ᠥᠷᠥᠭᠡ ︱ ᠨᠤᠮ ᠤᠨ ᠴᠠᠭᠠᠨ ᠪᠤᠶᠠᠨ ᠢᠶᠠᠷ ᠠᠷᠠᠳ ᠤᠨ ᠰᠡᠳᠭᠢᠯ ᠢ ᠤᠮᠳᠠᠯᠠᠨ᠎ᠠ
ᠨᠡᠶᠢᠲᠡᠯᠡᠭᠰᠡᠨ ᠴᠠᠭ᠄
2024/3/4
   ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠠᠢ ᠬᠠᠮᠳᠤᠷᠠᠨ ᠤᠷᠢᠳ ᠬᠤᠵᠢᠳ ᠲᠠᠢ ᠫᠢᠩ ᠰᠢᠶᠠᠩ ᠤᠨ ᠾᠧ ᠰᠢᠨ ᠲᠣᠰᠬᠤᠨ᠂ ᠳ᠋ᠦᠩ ᠹᠧᠩ ᠲᠣᠰᠬᠤᠨ᠂ ᠹᠦ᠋ ᠰᠢᠩ ᠲᠣᠰᠬᠤᠨ ᠳᠤ ᠬᠦᠷᠴᠦ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠢᠷᠢᠰ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠲᠣᠰᠬᠤᠨ ᠤ ᠠᠷᠠᠳ ᠥᠪᠡᠷ ᠤᠨ ᠳᠤᠷ᠎ᠠ ᠰᠣᠨᠢᠷᠬᠠᠯ ᠲᠠᠢ ᠨᠣᠮ ᠢᠶᠠᠨ ᠣᠯᠵᠤ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠤᠩᠰᠢᠭᠰᠠᠨ ᠤ ᠣᠯᠣᠯᠲᠠ ᠲᠥᠷᠥᠭᠳᠡᠯ ᠢᠶᠠᠨ ᠬᠤᠪᠢᠶᠠᠯᠴᠠᠨ᠎ᠠ᠃ ᠳᠠᠷᠠᠭ᠎ᠠ  ᠳᠤᠨᠢ᠂ ᠰᠢᠨᠬᠤᠸᠠ ᠨᠣᠮ ᠤᠨ ᠳᠡᠯᠭᠡᠭᠦᠷ ᠤᠨ ᠠᠵᠢᠯᠲᠠᠳ ᠲᠣᠰᠬᠤᠨ ᠤ ᠠᠷᠠᠳ ᠲᠤ ︽ᠥᠪᠥᠷ ᠮᠣᠩᠭᠤᠯ ᠤᠨ ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠦᠷᠦᠭᠡ ᠶᠢᠨ ᠲᠠᠪᠴᠠᠩ︾ ᠰᠦᠯᠵᠢᠶᠡᠨ ᠳᠡᠭᠡᠷᠡᠬᠢ ᠤᠩᠰᠢᠯᠭ᠎ᠠ ᠶᠢᠨ ᠠᠷᠭ᠎ᠠ ᠬᠡᠯᠪᠡᠷᠢ ᠶᠢ ᠲᠠᠨᠢᠯᠴᠠᠭᠤᠯᠵᠤ᠂ ᠲᠣᠰᠬᠤᠨ ᠤ ᠠᠷᠠᠳ ᠤᠨ ᠤᠯᠠᠨ ᠶᠠᠩᠵᠤ ᠶᠢᠨ ᠤᠩᠰᠢᠯᠭ᠎ᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠬᠠᠮᠲᠤ ᠬᠡᠦᠬᠡᠳ ᠤᠳ ᠲᠤ ᠪᠠᠭᠠᠴᠤᠳ ᠬᠡᠦᠬᠡᠳ ᠤᠨ ᠰᠣᠩᠭᠤᠳᠠᠭ ᠨᠣᠮ ᠪᠢᠴᠢᠭ ᠬᠦᠷᠭᠡᠵᠦ᠂ ᠬᠡᠦᠬᠡᠳ ᠤᠨ ᠰᠠᠶᠢᠲᠤᠷ ᠨᠣᠮ ᠤᠩᠰᠢᠬᠤ ᠶᠢ ᠵᠣᠷᠢᠭᠵᠢᠭᠤᠯᠪᠠ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠡᠦᠬᠡᠳ ᠤᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠮᠥᠵᠢᠭᠦᠯᠵᠦ᠂ ᠰᠣᠯᠢᠯᠴᠠᠬᠤ ᠪᠠ ᠬᠤᠪᠢᠶᠠᠯᠴᠠᠨ ᠡᠳ᠋ᠯᠡᠬᠦ ᠶᠠᠪᠤᠴᠠ ᠳᠤ ᠬᠡᠦᠬᠡᠳ ᠤᠳ ᠢ ᠪᠠᠶᠠᠷ ᠬᠥᠷ ᠲᠠᠢ ᠪᠥᠭᠡᠳ ᠤᠳᠬ᠎ᠠ ᠠᠭᠤᠯᠭ᠎ᠠ  ᠲᠠᠢ ᠴᠠᠭ ᠮᠥᠴᠡ ᠶᠢ ᠥᠩᠭᠡᠷᠡᠭᠦᠯᠵᠦ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠭᠰᠠᠨ ᠪᠠᠶᠢᠨ᠎ᠠ᠃
   ᠳᠠᠷᠠᠭᠠᠴᠢ ᠶᠢᠨ ᠠᠯᠬᠤᠮ ᠳᠤ᠂ ᠰᠢᠶᠠᠨ ᠤ ᠰᠢᠨᠬᠤᠸᠠ ᠨᠣᠮ ᠤᠨ ᠳᠡᠯᠭᠡᠭᠦᠷ ᠲᠠᠯ᠎ᠠ ᠨᠤᠲᠤᠭ ᠤᠨ ᠨᠣᠮ ᠤᠨ ᠦᠷᠦᠭᠡ ᠶᠢᠨ ᠠᠭᠤᠯᠭ᠎ᠠ ᠶᠢᠨ ᠪᠠᠶᠢᠭᠤᠯᠤᠯᠲᠠ ᠪᠣᠯᠣᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠴᠢᠨᠠᠭᠰᠢᠳᠠ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠵᠢᠵᠢᠭ ᠠᠴᠢᠶᠠᠯᠠᠪᠤᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠡᠨᠧᠷᠭᠢ ᠶᠢ ᠬᠥᠭᠵᠢᠭᠡᠵᠦ᠂ ᠤᠯᠠᠨ ᠲᠦᠮᠡᠨ ᠤ ᠰᠣᠶᠣᠯ ᠤᠨ ᠰᠠᠭᠤᠷᠢ ᠶᠢ ᠪᠠᠲᠤᠳᠬᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号