︽ᠪᠦᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ︾ ᠤᠨ ᠴᠢᠬᠢ ᠪᠠᠨ ᠬᠠᠶᠢᠷᠠᠯᠠᠬᠤ ᠴᠢᠬᠢ ᠪᠠᠨ ᠬᠠᠮᠠᠭᠠᠯᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠠᠢ
ᠨᠡᠶᠢᠲᠡᠯᠡᠭᠰᠡᠨ ᠴᠠᠭ᠄
2024/3/4
   2024 ᠣᠨ ᠤ 3 ᠰᠠᠷ᠎ᠠ ᠶᠢᠨ 3 ᠤ ᠡᠳᠦᠷ ᠪᠣᠯ 25 ᠳ᠋ᠤᠭᠠᠷ ︽ᠪᠥᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ︾ ᠪᠣᠯᠣᠨ᠎ᠠ᠃ ᠰᠣᠨᠣᠷ ᠤᠨ ᠴᠢᠳᠠᠪᠤᠷᠢ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠷ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠭᠤᠣᠯ ᠰᠡᠳᠦᠪᠳᠦ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ‌ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃
   ᠲᠦᠴᠢᠦᠸᠠᠨ ᠰᠢᠶᠠᠨ ᠤ ᠲᠠᠢ ᠫᠢᠩ ᠭᠤᠣᠯ ᠪᠠᠭ᠎ᠠ ᠰᠤᠷᠭᠠᠭᠤᠯᠢ ᠳᠤ᠂ ᠪᠠᠭᠰᠢ ᠠᠴᠠ ᠰᠤᠷᠤᠭᠴᠢᠳ ᠲᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ︽ᠠᠩᠬᠠᠨ ᠤ ᠬᠢᠴᠢᠶᠡᠯ︾ ᠢ ᠳᠡᠪᠰᠢᠭᠦᠯᠵᠦ᠂ ᠴᠢᠬᠢ ᠪᠠᠨ ᠬᠠᠶᠢᠷᠠᠯᠠᠬᠤ ᠡᠳᠦᠷ ᠤᠨ ᠢᠷᠡᠯᠲᠡ᠂ ᠴᠢᠬᠢᠨ ᠤ ᠪᠦᠲᠦᠴᠡ᠂ ᠴᠢᠬᠢᠨ ᠤ ᠡᠪᠡᠳᠴᠢᠨ ᠢ ᠰᠡᠷᠭᠡᠶᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠰᠤᠷᠤᠭᠴᠢᠳ ᠢ ᠡᠷᠡᠭᠦᠯ ᠴᠢᠭᠢᠷᠠᠭ ᠢᠶᠠᠷ ᠴᠢᠬᠢ ᠪᠠᠨ ᠬᠡᠷᠡᠭᠯᠡᠬᠦ ᠰᠠᠶᠢᠨ ᠳᠠᠳᠬᠠᠯ ᠲᠠᠢ ᠪᠣᠯᠭᠠᠵᠤ ᠂ ᠰᠣᠨᠣᠰᠬᠤ ᠴᠢᠳᠠᠪᠤᠷᠢ ᠶᠢᠨ ᠡᠷᠡᠭᠦᠯ ᠴᠢᠭᠢᠷᠠᠭ ᠢ ᠠᠩᠬᠠᠷᠴᠤ᠂ ᠰᠤᠷᠤᠭᠴᠢᠳ ᠤᠨ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠠᠢ᠃
   ︽ᠴᠢᠬᠢ ᠪᠣᠯ ᠪᠢᠳᠡᠨ ᠤ ᠳᠡᠯᠡᠬᠡᠢ ᠶᠢᠨ ᠪᠠᠶᠢᠳᠠᠯ ᠢ ᠰᠣᠨᠣᠰᠬᠤ ᠴᠣᠩᠬᠤ ᠮᠥᠨ᠂ ᠪᠢᠳᠡ ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠡᠷᠡᠭᠯᠡᠵᠦ᠂ ᠰᠣᠨᠣᠰᠬᠤ ᠴᠢᠳᠠᠪᠤᠷᠢ ᠪᠠᠨ ᠬᠠᠮᠠᠭᠠᠯᠠᠨ᠂ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠢ ᠪᠤᠶ ᠪᠣᠯᠭᠠᠬᠤ ᠬᠡᠷᠡᠭᠲᠡᠢ︾᠃ ᠭᠡᠵᠦ ᠲᠦᠴᠢᠦᠸᠠᠨ ᠰᠢᠶᠠᠨ ᠤ ᠲᠠᠢ ᠫᠢᠩ ᠭᠤᠣᠯ ᠪᠠᠭ᠎ᠠ ᠰᠤᠷᠭᠠᠭᠤᠯᠢ ᠶᠢᠨ ᠰᠤᠷᠤᠭᠴᠢ ᠮᠠ ᠶᠠ ᠰᠢᠤᠸᠠᠨ ᠪᠠᠶᠠᠷᠲᠠᠢ ᠪᠠᠷ ᠬᠡᠯᠡᠪᠡ᠃
   ᠡᠮᠴᠢ ᠰᠤᠪᠢᠯᠠᠭᠴᠢᠳ ᠪᠠᠰᠠ ᠰᠤᠷᠭᠠᠭᠤᠯᠢ ᠶᠢᠨ ᠬᠡᠰᠡᠭ ᠰᠤᠷᠤᠭᠴᠢᠳ ᠲᠤ ᠴᠢᠬᠢᠨ ᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠣᠯᠠᠨ ᠤ ᠳᠤᠷᠠᠳᠤᠭᠰᠠᠨ ᠴᠢᠬᠢᠨ ᠤ ᠡᠪᠡᠳᠴᠢᠨ ᠤ ᠠᠰᠠᠭᠤᠳᠠᠯ ᠳᠤ ᠴᠢᠭᠯᠡᠭᠦᠯᠦᠨ ᠨᠠᠷᠢᠨ ᠲᠣᠳᠣᠷᠬᠠᠢ ᠬᠠᠷᠢᠭᠤᠯᠲᠠ ᠥᠭᠴᠦ᠂ ᠰᠤᠷᠤᠭᠴᠢᠳ ᠤᠨ ᠴᠢᠬᠢ ᠪᠠᠨ ᠨᠠᠨᠳᠢᠩᠨᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号