ᠲᠦᠴᠢᠤᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠣᠯ ᠰᠢᠶᠠᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠬᠠᠮᠢᠶᠠᠷᠤᠯᠲᠠ ᠶᠢ ᠲᠤᠰᠬᠠᠶ ᠬᠠᠮᠢᠶᠠᠷᠬᠤ ᠡᠷᠬᠡ ᠳᠤᠰᠢᠶᠠᠯᠳᠤ ᠰᠠᠯᠠᠭ᠎ᠠ ᠮᠥᠴᠢᠷ ᠪᠣᠯᠤᠨ᠎ᠠ᠃ ᠲᠡᠭᠦᠨ ᠤ | ᠭᠤᠤᠯ ᠲᠤᠰᠢᠶᠠᠯ ᠬᠠᠷᠢᠭᠤᠴᠠᠯᠭ᠎ᠠ ᠨᠢ᠄ | 1. ᠤᠯᠤᠰ ᠤᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠴᠢᠭᠯᠡᠯᠲᠡ᠂ ᠲᠥᠷᠦ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠬᠦ ᠶᠠᠪᠤᠳᠠᠯ ᠪᠣᠯᠤᠨ᠎ᠠ᠃ ᠪᠦᠬᠦ ᠰᠢᠶᠠᠨ ᠤ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ | ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠪᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | 2. ᠪᠦᠬᠦ ᠰᠢᠶᠠᠨ ᠤ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠲᠥᠰᠦᠭᠡᠯᠡᠵᠦ᠂ ᠡᠯ᠎ᠡ ᠵᠦᠢᠯ ᠤᠨ | ᠬᠤᠷᠸ᠎ᠠ ᠠᠵᠤ ᠠᠬᠤᠢ ᠶᠢᠨ ᠲᠥᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ | 3. ᠰᠢᠶᠠᠨ ᠤ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ ᠃ | 4.ᠰᠢᠶᠠᠨ ᠤ ᠱᠠᠲᠤᠨ ᠤ ᠬᠦᠷᠢᠶ᠎ᠡ ᠬᠡᠪᠴᠢᠶᠡᠨ ᠳᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ | ᠵᠢᠴᠢ ᠭᠠᠶᠢᠯᠢ ᠲᠠᠲᠠᠪᠤᠷᠢ ᠶᠢᠨ ᠲᠣᠬᠢᠷᠠᠭᠤᠯᠤᠯᠲᠠ ᠶᠢᠨ ᠲᠥᠰᠦᠯ ᠢ ᠰᠤᠳᠤᠯᠤᠨ ᠲᠤᠭᠤᠷᠪᠢᠨ ᠲᠣᠭᠲᠠᠭᠠᠨ᠎ᠠ ᠃ | 5. ᠪᠦᠬᠦ ᠰᠢᠶᠠᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠠᠴᠠ | ᠲᠥᠪᠯᠡᠷᠡᠭᠦᠯᠦᠨ ᠬᠤᠷᠢᠶᠠᠬᠤ ᠪᠠ ᠥᠭᠬᠦ ᠳᠦᠷᠢᠮ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ | ᠤᠯᠤᠰ ᠤᠨ ᠥᠮᠴᠢᠯᠡᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ ᠃ | 6. ᠪᠦᠬᠦ ᠰᠢᠶᠠᠨ ᠤ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ | ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠭᠦᠢᠴᠡᠳᠬᠡᠬᠦ ᠪᠠ ᠬᠢᠨᠠᠯᠲᠠ ᠲᠠᠯᠪᠢᠨ᠎ᠠ᠃ | 7. ᠪᠦᠬᠦ ᠰᠢᠶᠠᠨ ᠤ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠵᠠᠰᠠᠭ ᠤᠨ ᠣᠷᠳᠣᠨ ᠤ | ᠳᠣᠳᠣᠷ᠎ᠡ ᠭᠠᠳᠠᠨᠠᠬᠢ ᠥᠷᠢ ᠥᠭᠴᠡᠭᠡ᠂ ᠨᠢᠭᠲᠠᠯᠠᠨ ᠪᠣᠳᠣᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ | 8. ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ | ᠪᠠᠶᠢᠳᠠᠯ ᠵᠡᠷᠭᠡ ᠵᠦᠶᠯᠡᠰ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ | 9.ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ ᠃ | ᠬᠠᠶ᠋ᠢᠭ᠄ ᠲᠦᠴᠢᠤᠸᠠᠨ ᠰᠢᠶᠠᠨ ᠤ ᠬᠤᠸᠠ ᠹᠧᠩ ᠵᠡᠭᠡᠯᠢ ᠰᠢᠶᠠᠨ ᠤ ᠨᠠᠮ ᠵᠠᠰᠠᠭ ᠤᠨ ᠲᠣᠮᠣ ᠠᠰᠠᠷ |