ᠲᠦᠴᠢᠤᠸᠠᠨ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ
ᠨᠡᠶᠢᠲᠡᠯᠡᠭᠰᠡᠨ ᠴᠠᠭ᠄
2024/3/5
ᠭᠤᠤᠯ ᠡᠭᠦᠷᠭᠡ ᠬᠠᠷᠢᠭᠤᠴᠠᠯᠭ᠎ᠠ  ︵ᠨᠢᠭᠡ ︶ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠦ᠂ ᠵᠣᠬᠢᠴᠠᠭᠤᠯᠬᠤ᠂ ᠵᠢᠯᠣᠭᠤᠳᠬᠤ ᠶᠢ ᠬᠠᠷᠢᠭᠤᠴᠠᠵᠤ᠂ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ︵ᠬᠤᠶᠠᠷ ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠦᠭᠡ᠂ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠠᠪᠤᠴᠠ ᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠠ᠃  ︵ᠭᠤᠷᠪᠠ ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠩᠯᠡᠯᠲᠡ ᠪᠠ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃   ︵ᠳᠥᠷᠪᠡ ︶ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃   ︵ᠲᠠᠪᠤ ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ ᠣᠷᠣᠯᠴᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ ᠲᠡᠳᠬᠦᠬᠦ ᠠᠵᠢᠯ ᠤᠨ ᠲᠦᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠤᠯᠤᠰ ᠤᠨ ᠳᠣᠲᠣᠭᠠᠳᠤ᠂ ᠣᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃   ︵ᠵᠢᠷᠭᠤᠭ᠎ᠠ ︶ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠲᠥᠷᠥ ᠶᠢᠨ ᠪᠠᠶᠢᠭᠤᠯᠭ᠎ᠠ ᠶᠢᠨ ᠨᠢᠭᠡᠴᠢ ᠶᠢᠨ ᠴᠢᠭ ᠲᠣᠭᠲᠠᠭᠠᠨ ᠶᠠᠳᠠᠭᠤ ᠶᠢ ᠲᠡᠳᠬᠦᠬᠦ ᠶᠢ ᠵᠣᠬᠢᠴᠠᠭᠤᠯᠤᠨ ᠬᠤᠯᠪᠣᠭ᠎ᠠ ᠠᠪᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢ ᠵᠣᠬᠢᠶᠠᠨ ᠪᠠᠶᠢᠭᠤᠯᠵᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠤᠨ᠎ᠠ᠃   ︵ᠳᠣᠯᠤᠭ᠎ᠠ ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠰᠢᠮᠳᠠᠭᠤᠯᠤᠨ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠶ᠃   ︵ᠨᠠᠢᠮᠠ ︶ ᠰᠢᠶᠠᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠵᠢᠯᠣᠭᠤᠳᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃   ︵ᠶᠢᠰᠦ ︶ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠳᠤᠷ ᠲᠤᠲᠤᠮ ᠤᠨ ᠠᠵᠢᠯ ᠢ ᠡᠭᠦᠷᠭᠡᠯᠡᠨ᠎ᠡ᠃   ︵ᠠᠷᠪᠠ ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号