ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠤᠪᠴᠢᠶ᠎ᠠ
ᠨᠡᠶᠢᠲᠡᠯᠡᠭᠰᠡᠨ ᠴᠠᠭ᠄
2024/3/5
(1) ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠬᠡᠷᠡᠭᠵᠢᠭᠦᠯᠬᠦ ᠲᠥᠯᠥᠪᠯᠡᠭᠡ᠂ ᠪᠣᠳᠠᠲᠠᠶ ᠬᠡᠷᠡᠭᠵᠢᠭᠦᠯᠬᠦ ᠠᠷᠭ᠎ᠠ ᠵᠢᠴᠢ ᠲᠣᠰ ᠰᠢᠶᠠᠨ ᠤ ᠪᠠᠶᠢᠳᠠᠯ ᠳᠤ ᠳᠣᠭᠢᠷᠠᠬᠤ ᠨᠥᠬᠦᠪᠥᠷᠢ ᠲᠣᠭᠲᠠᠭᠠᠯ ᠪᠠ ᠨᠠᠷᠢᠨ ᠲᠦᠷᠢᠮ ᠢ ᠬᠢᠨᠠᠨ ᠪᠠᠶᠢᠴᠠᠭᠠᠵᠤ ᠵᠢᠯᠣᠭᠤᠳᠤᠨ᠎ᠠ  ᠃  (2) ᠥᠪᠡᠷ ᠤᠨ ᠬᠠᠷᠢᠶᠠᠨ ᠳᠠᠬᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠪᠠ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠠᠵᠢᠯ ᠬᠢᠨ᠎ᠠ  ᠃  (3) ᠣᠯᠠᠨ ᠵᠦᠢᠯ ᠤᠨ ᠣᠯᠠᠨ ᠳᠡᠰ ᠳᠠᠪᠬᠤᠷᠭ᠎ᠠ᠂ ᠣᠯᠠᠨ ᠵᠦᠢᠯ ᠤᠨ ᠬᠡᠪ ᠪᠠᠷᠢᠮᠵᠢᠶ᠎ᠠ᠂ ᠣᠯᠠᠨ ᠵᠦᠢᠯ  ᠤᠨ ᠬᠡᠯᠪᠡᠷᠢ ᠮᠠᠶ᠋ᠢᠭ᠂ ᠣᠯᠠᠨ ᠵᠦᠢᠯ ᠤᠨ ᠠᠷᠭ᠎ᠠ ᠵᠠᠮ ᠢ ᠠᠪᠴᠤ ᠪᠠᠶᠢᠭᠠᠳ ᠣᠷᠣᠨ ᠨᠤᠲᠤᠭ ᠤᠨ ᠰᠤᠷᠭᠠᠨ ᠬᠥᠮᠦᠵᠢᠯ ᠤᠨ ᠦᠢᠯᠡᠰ ᠤᠨ ᠪᠠᠶᠢᠭᠤᠯᠤᠯᠲᠠ ᠶᠢ ᠱᠠᠲᠤ ᠬᠤᠪᠢᠶᠠᠨ ᠰᠠᠶᠢᠲᠤᠷ ᠬᠢᠵᠦ᠂ ᠭᠤᠷᠪᠠᠨ ᠵᠦᠢᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠭᠰᠡᠨ᠂ ᠪᠦᠲᠦᠴᠡ ᠨᠢ ᠵᠦᠢ ᠵᠣᠬᠢᠰᠲᠠᠶ᠂ ᠵᠣᠬᠢᠴᠠᠩᠭᠤᠶ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ  ᠃  (4) ᠬᠠᠤᠯᠢ ᠶᠣᠰᠣᠭᠠᠷ ᠭᠠᠵᠠᠷ ᠣᠷᠣᠨ᠂ ᠠᠯᠬᠤᠮ ᠳᠠᠷᠠᠭ᠎ᠠ ᠲᠠᠢ᠂ ᠱᠠᠲᠤ ᠦᠶ᠎ᠡ ᠬᠤᠪᠢᠶᠠᠨ ᠶᠢᠰᠦᠨ ᠵᠢᠯ  ᠤᠨ ᠳᠦᠷᠢᠮᠲᠦ ᠠᠯᠪᠠᠨ ᠵᠢᠷᠤᠮ ᠤᠨ ᠰᠤᠷᠭᠠᠨ ᠬᠥᠮᠦᠵᠢᠯ ᠢ  ᠬᠡᠷᠡᠭᠵᠢᠭᠦᠯᠬᠦ ᠶᠢᠨ ᠬᠠᠮᠲᠤ ᠢᠳᠡᠪᠬᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠦᠬᠡᠳ ᠤᠨ ᠰᠤᠷᠭᠠᠨ ᠬᠥᠮᠦᠵᠢᠯ ᠢ ᠴᠢᠷᠮᠠᠶᠢᠨ ᠬᠥᠭᠵᠢᠭᠦᠯᠬᠦ ᠬᠡᠷᠡᠭᠲᠡᠶ  ᠃  (5)《 ᠨᠢᠭᠡᠳᠦᠯᠲᠡᠶ ᠤᠳᠤᠷᠢᠳᠬᠤ ᠪᠠ ᠱᠠᠲᠤ ᠬᠤᠪᠢᠶᠠᠨ ᠬᠠᠮᠢᠶᠠᠷᠬᠤ 》 ᠵᠠᠷᠴᠢᠮ ᠤᠨ ᠶᠣᠰᠣᠭᠠᠷ᠂ ᠲᠤᠰ ᠰᠢᠶᠠᠨ ᠤ ᠪᠠᠨ ᠬᠠᠷᠢᠶ᠎ᠠ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠰᠤᠷᠭᠠᠨ ᠬᠥᠮᠦᠵᠢᠯ᠂  ᠤᠨᠴᠠᠭᠠᠢ ᠰᠤᠷᠭᠠᠨ ᠬᠥᠮᠦᠵᠢᠯ᠂ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ( ᠷᠠᠳᠢᠦ᠋ ᠨᠡᠪᠲᠡᠷᠡᠭᠦᠯᠭᠡ ᠲᠧᠯᠸᠢᠰ ᠤᠨ ᠰᠤᠷᠭᠠᠨ ᠬᠥᠮᠦᠵᠢᠯ ᠪᠠᠭᠲᠠᠨ᠎ᠠ )᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ᠂ ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠵᠡᠷᠭᠡ  ᠶᠢ ᠬᠠᠮᠢᠶᠠᠷᠤᠨ᠎ᠠ  ᠃  (6 )ᠲᠤᠰ ᠰᠢᠶᠠᠨ ᠤ ᠪᠠᠨ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ᠂ ᠣᠯᠠᠨ ᠲᠦᠮᠡᠨ᠂ ᠪᠦᠯᠬᠦᠮ᠂ ᠰᠢᠶᠠᠩ ᠪᠠᠯᠭᠠᠰᠤ ᠵᠢᠴᠢ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠲᠤᠰ ᠭᠠᠵᠠᠷ ᠣᠷᠣᠨ  ᠤ ᠪᠠᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠳᠤ ᠬᠠᠮᠲᠤ ᠪᠠᠷ ᠣᠷᠣᠯᠴᠠᠭᠤᠯᠵᠤ᠂ ᠡᠯ᠎ᠡ ᠲᠠᠯ᠎ᠠ ᠶᠢᠨ ᠬᠦᠴᠦᠨ ᠳᠤ ᠲᠦᠰᠢᠭᠯᠡᠨ ᠪᠡᠯᠡ ᠮᠥᠩᠭᠦ ᠴᠤᠭᠯᠠᠭᠤᠯᠤᠨ ᠰᠤᠷᠭᠠᠭᠤᠯᠢ ᠡᠷᠬᠢᠯᠡᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠨᠢ ᠲᠠᠰᠤᠷᠠᠯᠲᠠ ᠤᠢᠭᠡᠢ ᠰᠠᠶᠢᠵᠢᠷᠠᠭᠤᠯᠬᠤ ᠬᠡᠷᠡᠭᠲᠡᠶ  ᠃  (7) ᠤᠯᠤᠰ ᠠᠴᠠ ᠨᠢᠭᠡᠳᠦᠯᠲᠡᠶ ᠨᠡᠶᠢᠲᠡᠯᠡᠭᠰᠡᠨ ᠵᠢᠭᠠᠪᠤᠷᠢ ᠶᠢᠨ ᠴᠢᠨᠠᠷᠲᠠᠶ᠂ ᠵᠢᠷᠤᠮᠵᠢᠯ ᠤᠨ ᠴᠢᠨᠠᠷᠲᠠᠶ ᠲᠣᠭᠲᠠᠭᠠᠯ ᠢ ᠦᠨᠳᠦᠰᠦᠯᠡᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠵᠡᠷᠭᠡ ᠡᠯ᠎ᠡ ᠵᠦᠶᠯ ᠤᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠤᠳᠤᠷᠢᠳᠴᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠢᠨᠠᠮᠠᠭᠠᠶ ᠬᠢᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ  ᠃  (8) ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠵᠢᠴᠢ ᠰᠢᠶᠠᠨ ᠤ ᠳᠣᠲᠣᠷᠠᠬᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠲᠤᠰ ᠰᠢᠶᠠᠨ ᠤ ᠳᠣᠲᠣᠷ᠎ᠠ ᠪᠠᠨ ᠰᠤᠷᠤᠭᠴᠢ ᠡᠯᠰᠡᠬᠦ ᠪᠠ ᠥᠪᠡᠷ ᠢᠶᠠᠨ ᠰᠤᠷᠴᠤ ᠰᠢᠯᠭᠠᠭᠤᠯᠬᠤ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠤᠨ᠎ᠠ  ᠃  (9) ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠤᠯᠤᠰ ᠲᠥᠷᠥ᠂ ᠬᠠᠤᠯᠢ ᠲᠣᠭᠲᠠᠭᠠᠯ᠂ ᠰᠣᠶᠣᠯ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠬᠡᠪ ᠴᠢᠨᠠᠷ ᠢ ᠨᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ  ᠃  (10)ᠰᠤᠷᠭᠠᠨ ᠬᠥᠮᠦᠵᠢᠯ ᠤᠨ ᠦᠶᠯᠡᠰ ᠤᠨ ᠣᠷᠣᠨ ᠲᠤᠭ᠎ᠠ ᠵᠢᠴᠢ ᠠᠵᠢᠯᠲᠠᠨ ᠤ ᠶᠠᠪᠤᠳᠠᠯ ᠤᠨ ᠠᠵᠢᠯ ᠢ ᠬᠠᠮᠢᠶᠠᠷᠴᠤ᠂ ᠰᠢᠶᠠᠨ ᠤ ᠵᠣᠬᠢᠶᠠᠨ ᠪᠠᠶᠢᠭᠤᠯᠤᠯᠲᠠ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠲᠤᠰ ᠰᠢᠰᠲ᠋ᠧᠮ ᠤᠨ ᠢᠶᠠᠨ ᠤᠳᠤᠷᠢᠳᠬᠤ ᠺᠠᠳ᠋ᠷ ᠪᠣᠯᠤᠨ ᠪᠠᠭᠰᠢ ᠶᠢ ᠬᠠᠮᠢᠶᠠᠷᠤᠨ᠎ᠠ  ᠃  (11) ᠲᠤᠰ ᠰᠢᠶᠠᠨ ᠤ ᠪᠠᠨ ᠰᠤᠷᠭᠠᠨ ᠬᠥᠮᠦᠵᠢᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠯᠤᠰ ᠬᠡᠳᠦ ᠶᠢᠨ ᠲᠥᠯᠥᠪᠵᠢᠭᠦᠯᠭᠡ᠂ ᠡᠯ᠎ᠡ ᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠯᠡᠭᠡ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ᠂ ᠵᠢᠭᠠᠨ ᠰᠤᠷᠭᠠᠬᠤ ᠲᠥᠬᠦᠭᠡᠷᠦᠮᠵᠢ᠂ ᠬᠡᠮᠵᠢᠭᠦᠷᠯᠢᠭ ᠬᠤᠳᠠᠯᠳᠤᠨ ᠠᠪᠬᠤ ᠪᠠ ᠰᠢᠨᠡᠳᠬᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠦᠬᠦᠢ ᠠᠰᠠᠭᠤᠳᠠᠯ  ᠢ ᠰᠢᠢᠳᠪᠦᠷᠢᠯᠡᠨ᠎ᠡ  ᠃  (12) ᠰᠤᠷᠭᠠᠨ ᠬᠥᠮᠦᠵᠢᠯ ᠤᠨ ᠲᠥᠰᠦᠪ ᠤᠨ ᠳᠣᠲᠣᠷ᠎ᠠ ᠭᠠᠳᠠᠨᠠᠬᠢ ᠪᠡᠯᠡ ᠮᠥᠩᠭᠦ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠡᠳ᠋ ᠤᠨ ᠶᠠᠪᠤᠳᠠᠯ ᠤᠨ ᠬᠢᠨᠠᠨ ᠪᠣᠳᠣᠯᠲᠠ᠂ ᠪᠠᠶᠢᠴᠠᠭᠠᠯᠲᠠ ᠪᠠ ᠬᠢᠨᠠᠯᠲᠠ ᠶᠢ ᠬᠡᠷᠡᠭᠵᠢᠭᠦᠯᠦᠨ᠎ᠡ  ᠃  (13)ᠳᠤᠮᠳᠠᠳᠤ ᠪᠠᠭ᠎ᠠ ᠰᠤᠷᠭᠠᠭᠤᠯᠢ ᠶᠢᠨ ᠠᠵᠢᠯᠴᠢ ᠠᠷᠪᠢᠴᠢ ᠪᠠᠷ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠤᠳᠤᠷᠢᠳᠴᠤ᠂ ᠠᠵᠢᠯᠴᠢ ᠠᠷᠪᠢᠴᠢ ᠪᠠᠷ ᠰᠤᠷᠤᠯᠴᠠᠭᠰᠠᠨ ᠠᠰᠢᠭ ᠣᠷᠣᠯᠭ᠎ᠠ ᠶᠢᠨ ᠬᠤᠪᠢᠶᠠᠷᠢᠯᠠᠨ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ  ᠃ (14) ᠲᠤᠰ ᠰᠠᠯᠠᠭ᠎ᠠ ᠮᠥᠴᠢᠷ ᠤᠨ ᠢᠶᠠᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠠᠮᠢᠶᠠᠷᠴᠤ᠂ ᠤᠯᠤᠰ ᠤᠨ ᠪᠠ ᠣᠷᠣᠨ ᠨᠤᠲᠤᠭ ᠤᠨ ᠲᠤᠭ᠎ᠠ ᠪᠦᠷᠢᠳᠬᠡᠯ᠂ ᠪᠠᠶᠢᠴᠠᠭᠠᠯᠲᠠ ᠪᠠ ᠵᠠᠳᠠᠯᠤᠯᠲᠠ ᠶᠢᠨ ᠡᠭᠦᠷᠭᠡ ᠶᠢ ᠪᠡᠶᠡᠯᠡᠭᠦᠯᠦᠨ᠂ ᠲᠤᠭ᠎ᠠ ᠪᠦᠷᠢᠳᠬᠡᠯ ᠪᠠ ᠵᠠᠳᠠᠯᠤᠯᠲᠠ ᠶᠢᠨ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠨ᠎ᠠ  ᠃  (15 ) ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ  ᠮᠠᠲ᠋ᠧᠷᠢᠶᠠᠯ ᠢ ᠤᠯᠠᠮᠵᠢᠯᠠᠬᠤ ᠠᠵᠢᠯ ᠢ ᠵᠣᠬᠢᠶᠠᠨ ᠪᠠᠶᠢᠭᠤᠯᠤᠨ᠎ᠠ  ᠃  (16 )ᠬᠠᠷᠢᠶᠠᠲᠤ ᠰᠢᠶᠠᠩ ᠪᠠᠯᠭᠠᠰᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢ ᠬᠠᠮᠢᠶᠠᠷᠤᠨ ᠤᠳᠤᠷᠢᠳᠤᠨ᠎ᠠ  ᠃       ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠯᠴᠠᠬᠤ ᠤᠲᠠᠰᠤ᠄ 04825199018  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号