ᠲᠦᠴᠢᠦᠸᠠᠨ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/3/5
  ( ᠨᠢᠭᠡ ) ᠡᠯ᠎ᠡ ᠰᠢᠶᠠᠩ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ  ᠃   ( ᠬᠤᠶᠠᠷ ) ᠲᠥᠪ ᠬᠤᠷᠢᠶ᠎ᠠ᠂ ᠲᠣᠭᠤᠷᠢᠭ᠂ ᠠᠶᠢᠮᠠᠭ᠂ ᠰᠢᠶᠠᠨ ᠤ ᠤᠳᠤᠷᠢᠳᠬᠤ ᠨᠥᠬᠦᠳ ᠤᠨ ᠲᠤᠰᠢᠶᠠᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠰᠢᠶᠳᠪᠦᠷᠢᠯᠡᠨ᠎ᠡ  ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ  ᠶᠢᠨ ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ ᠠᠵᠢᠯ ᠢ ᠬᠠᠷᠢᠭᠤᠴᠠᠨ᠎ᠠ  ᠃ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠬᠤᠷᠢᠶᠠᠨ᠎ᠠ  ᠃   ( ᠭᠤᠷᠪᠠ ) ᠡᠯ᠎ᠡ ᠰᠢᠶᠠᠩ ᠪᠠᠯᠭᠠᠰᠤᠨ ᠤ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ  ᠢ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠬᠤ ᠶᠢ ᠬᠠᠷᠢᠭᠤᠴᠠᠨ᠎ᠠ  ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠣᠬᠢᠴᠠᠭᠤᠯᠤᠨ ᠰᠢᠶᠳᠪᠦᠷᠢᠯᠡᠬᠦ ᠶᠢ ᠬᠠᠷᠢᠭᠤᠴᠠᠨ᠎ᠠ  ᠃    ( ᠳᠥᠷᠪᠡ ) ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠵᠠᠬᠢᠳᠠᠯ ᠰᠤᠷᠪᠤᠯᠵᠢᠯᠠᠭ᠎ᠠ  ᠶᠢᠨ ᠪᠠᠶᠢᠳᠠᠯ ᠢ ᠵᠠᠳᠠᠯᠬᠤ᠂ ᠲᠤᠷᠰᠢᠯᠭ᠎ᠠ ᠬᠢᠳᠡᠯ ᠢᠶᠠᠨ ᠳ᠋ᠦᠩᠨᠡᠬᠦ ᠶᠢ ᠬᠠᠷᠢᠭᠤᠴᠠᠵᠤ᠂ ᠰᠢᠶᠠᠨ ᠤ ᠨᠠᠮ ᠤᠨ ᠬᠤᠷᠢᠶ᠎ᠠ ᠂ ᠰᠢᠶᠠᠨ ᠤ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠤᠨ᠎ᠠ  ᠃    ( ᠲᠠᠪᠤ ) ᠵᠠᠬᠢᠳᠠᠯ ᠰᠤᠷᠪᠤᠯᠵᠢᠯᠠᠯ ᠤᠨ ᠥᠭᠡᠷᠡᠴᠢᠯᠡᠯᠲᠡ ᠶᠢ ᠬᠠᠷᠢᠭᠤᠴᠠᠨ᠎ᠠ  ᠃ ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ  ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠨ᠎ᠡ  ᠃ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ  ᠃    ( ᠵᠢᠷᠭᠤᠭ᠎ᠠ ) ᠪᠦᠬᠦ ᠰᠢᠶᠠᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ  ᠃    ( ᠳᠣᠯᠤᠭ᠎ᠠ ) ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ  ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠰᠢᠪᠠᠳᠠᠨ ᠪᠠᠶᠢᠴᠠᠭᠠᠨ᠎ᠠ  ᠃    ( ᠨᠠᠢᠮᠠ ) ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠠᠵᠢᠯ ᠢ ᠵᠣᠬᠢᠴᠠᠭᠤᠯᠤᠨ᠎ᠠ  ᠃    ( ᠶᠢᠰᠦ ) ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号