ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ | ᠬᠤᠯᠪᠣᠭᠳᠠᠯ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠲᠥᠯᠥᠪᠵᠢᠭᠦᠯᠭᠡ | ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ | ᠵᠢᠷᠤᠭᠯᠠᠨ ᠲᠥᠯᠥᠪᠯᠡᠬᠦ ᠯᠠᠪᠯᠠᠯᠭ᠎ᠠ ᠶᠢᠨ ᠦᠢᠯᠡᠰ᠂ ᠬᠤᠲᠠ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ ᠦᠢᠯᠡᠰ᠂ | ᠬᠤᠲᠠ ᠶᠢᠨ ᠤᠰᠤ ᠬᠠᠩᠭᠠᠬᠤ᠂ ᠰᠢᠲᠠᠮᠠᠬᠠᠶ ᠬᠡᠢ ᠵᠡᠷᠭᠡ ᠬᠠᠮᠢᠶ᠎ᠠ ᠪᠦᠬᠦᠢ ᠨᠡᠶᠢᠲᠡ ᠶᠢᠨ ᠬᠡᠷᠡᠭᠯᠡᠭᠡᠨ ᠤ ᠦᠢᠯᠡᠰ᠂ | ᠳᠣᠲᠣᠭᠠᠳᠤ ᠭᠤᠣᠯ ᠢ ᠴᠡᠭᠴᠡᠯᠡᠨ ᠵᠠᠰᠠᠬᠤ᠂ ᠬᠠᠮᠢᠶᠠᠷᠬᠤ᠂ ᠬᠡᠷᠡᠮ ᠤᠨ ᠮᠠᠲ᠋ᠧᠷᠢᠶᠠᠯ ᠢ ᠰᠢᠨᠡᠴᠢᠯᠡᠬᠦ ᠴᠢᠭᠯᠡᠯᠲᠡ᠂ | ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ | ᠪᠦᠬᠦ ᠰᠢᠶᠠᠨ ᠤ ᠵᠠᠰᠠᠭ ᠵᠠᠬᠢᠷᠭᠠᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠬᠤ ᠲᠥᠷᠥᠯ ᠵᠦᠶ᠋ᠯ ᠢ | ᠪᠦᠲᠦᠭᠡᠨ ᠪᠠᠶᠢᠭᠤᠯᠬᠤ ᠰᠠᠨᠠᠭᠤᠯᠭ᠎ᠠ ᠶᠢ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠨᠠᠶᠢᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠳᠦᠷᠢᠮ ᠲᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠢ ᠲᠤᠭᠤᠷᠪᠢᠵᠤ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ᠎ᠠ︔ ᠬᠤᠯᠪᠣᠭᠳᠠᠯ ᠪᠦᠬᠦᠢ | ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ | ᠲᠥᠷᠥᠯ ᠤᠨ ᠬᠠᠮᠢᠶᠠᠷᠤᠯᠲᠠ ᠬᠢᠨ᠎ᠡ︔ ᠠᠵᠢᠯ ᠲᠥᠷᠥᠯ ᠤᠨ ᠲᠥᠯᠥᠪᠯᠡᠭᠡ᠂ ᠲᠤᠭ᠎ᠠ ᠪᠦᠷᠢᠳᠬᠡᠯ᠂ ᠮᠡᠳᠡᠭᠡ | ᠵᠠᠩᠭᠢ ᠶᠢᠨ ᠠᠵᠢᠯ ᠢ ᠰᠢᠰᠲ᠋ᠧᠮᠵᠢᠭᠦᠯᠦᠨ ᠬᠠᠮᠢᠶᠠᠷᠤᠨ᠎ᠠ᠃ |