ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2024/3/5
   ︵ᠨᠢᠭᠡ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠠᠶᠤᠯ ᠦᠭᠡᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠤᠯ ᠦᠭᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠭᠤᠤᠯᠳᠠᠯᠭ᠎ᠠ ᠲᠠᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠤᠯ ᠦᠭᠡᠶ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠰᠠᠭᠤᠷᠢ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠬᠤᠶᠠᠷ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ ᠦᠭᠡᠶ ᠦᠢᠯᠡᠳᠪᠦᠷᠢᠯᠡᠯ ᠪᠣᠯᠤᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ ᠧᠷᠢᠶᠠᠯ ᠢ ᠲᠤᠭᠤᠷᠪᠢᠵᠤ᠂ ᠬᠤᠯᠪᠣᠭᠳᠠᠯ ᠪᠦᠬᠦᠢ ᠳᠦᠷᠢᠮ ᠪᠣᠯᠤᠨ ᠪᠠᠷᠢᠮᠵᠢᠶ᠎ᠠ ᠳᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠭᠤᠷᠪᠠ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠠᠳᠡᠯ ᠤᠨ ᠭᠠᠶ ᠭᠠᠮᠰᠢᠭ ᠪᠣᠯᠤᠨ ᠥᠪᠡᠷ ᠤᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠶᠡᠷᠦᠩᠬᠡᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠠᠶᠤᠯ ᠦᠭᠡᠶ ᠦᠢᠯᠡᠳᠪᠦᠷᠢᠯᠡᠯ ᠤᠨ ᠪᠣᠭᠤᠮᠲᠠ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠠᠯᠭᠠᠨ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠲᠥᠯᠥᠪᠵᠢᠭᠦᠯᠬᠦ ᠪᠠ ᠪᠠᠶᠢᠷᠢᠯᠠᠭᠤᠯᠬᠤ ᠠᠵᠢᠯ ᠢ ᠲᠦᠯᠬᠢᠨ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠶ᠃     ︵ᠲᠠᠪᠤ︶ ᠪᠦᠬᠦ ᠰᠢᠶᠠᠨ ᠤ ᠠᠶᠤᠯ ᠦᠭᠡᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠂ ᠪᠦᠬᠦ ᠰᠢᠶᠠᠨ ᠤ ᠨᠡᠯᠢᠶᠡᠳ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠳᠡᠭᠡᠳᠦ ᠱᠠᠲᠤ ᠪᠣᠯᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠬᠤ ᠨᠥᠬᠦᠷ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃    ︵ᠵᠢᠷᠭᠤᠭ᠎ᠠ︶ ᠡᠷᠬᠡ ᠮᠡᠳᠡᠯ ᠤᠨ ᠶᠣᠰᠣᠭᠠᠷ ᠪᠦᠬᠦ ᠰᠢᠶᠠᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠠᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠵᠤ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠣᠯᠤᠨ ᠭᠠᠵᠠᠷ ᠤᠨ ᠭᠠᠮᠰᠢᠭ ᠤᠨ ᠵᠣᠭᠤᠷᠢ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠤᠨ᠎ᠠ᠃    ︵ᠳᠣᠯᠤᠭ᠎ᠠ︶ ᠡᠷᠬᠡ ᠮᠡᠳᠡᠯ ᠤᠨ ᠶᠣᠰᠣᠭᠠᠷ ᠪᠦᠬᠦ ᠰᠢᠶᠠᠨ ᠤ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠲᠦᠢᠮᠡᠷ ᠢ ᠳᠠᠷᠤᠵᠤ ᠠᠶᠤᠯ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃    ︵ᠨᠠᠢᠮᠠ︶ ᠪᠦᠬᠦ ᠰᠢᠶᠠᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠣᠯᠤᠨ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠳᠤ ᠪᠡᠯᠡᠭᠯᠡᠨ ᠬᠦᠷᠭᠡᠬᠦ ᠠᠵᠢᠯ᠂ ᠬᠠᠮᠢᠶᠠᠷᠤᠯᠲᠠ᠂ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠣᠯᠤᠨ ᠲᠦᠴᠢᠦᠸᠠᠨ ᠰᠢᠶᠠᠨ ᠤ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠣᠳᠠᠰ ᠢ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠭᠦᠯᠦᠨ᠎ᠡ᠃    ︵ᠠᠷᠪᠠ︶ ᠪᠦᠬᠦ ᠰᠢᠶᠠᠨ ᠤ ᠠᠶᠤᠯ ᠦᠭᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠲᠦᠴᠢᠦᠸᠠᠨ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠶ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠨᠢᠭᠡ︶ ᠱᠠᠲᠤ ᠬᠤᠪᠢᠶᠠᠬᠤ ᠵᠠᠷᠴᠢᠮ ᠤᠨ ᠶᠣᠰᠣᠭᠠᠷ᠂ ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠤᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠬᠢᠭᠡᠳ ᠠᠶᠤᠯ ᠦᠭᠡᠶ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠶ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠣᠷᠣᠬᠤ ᠵᠥᠪᠰᠢᠶᠡᠷᠡᠯ ᠤᠨ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃    ︵ᠠᠷᠪᠠᠨ ᠬᠤᠶᠠᠷ︶ ᠪᠦᠬᠦ ᠰᠢᠶᠠᠨ ᠤ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ  ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠬᠦ  ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠭᠤᠷᠪᠠ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠪᠦᠬᠦ ᠡᠳ᠋ ᠪᠠᠷᠠᠭ᠎ᠠ ᠶᠢᠨ ᠮᠡᠳᠡᠭᠡ ᠵᠠᠩᠭᠢ ᠶᠢ ᠲᠡᠩᠴᠡᠭᠦᠯᠦᠨ ᠨᠡᠶᠢᠯᠡᠭᠦᠯᠬᠦ ᠪᠠ ᠰᠢᠯᠵᠢᠭᠦᠯᠦᠨ ᠡᠷᠢᠬᠦ ᠳᠦᠷᠢᠮ ᠢ ᠪᠠᠶᠢᠭᠤᠯᠵᠤ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠃    ︵ᠠᠷᠪᠠᠨ ᠳᠥᠷᠪᠡ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠨᠢᠭᠡᠳᠦᠯᠲᠡᠶ ᠲᠥᠯᠥᠪᠯᠡᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠪᠠᠨ ᠴᠢᠩᠭᠠᠳᠬᠠᠬᠤ ᠬᠡᠷᠡᠭᠲᠡᠶ᠂ ᠨᠢᠭᠡᠳᠦᠯᠲᠡᠶ ᠤᠳᠤᠷᠢᠳᠤᠯᠭ᠎ᠠ ᠶᠢ ᠪᠠᠶᠢᠭᠤᠯᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮ᠂ ᠨᠢᠭᠡᠳᠦᠯᠲᠡᠶ ᠵᠢᠯᠣᠭᠤᠳᠣᠯᠭ᠎ᠠ ᠪᠦᠷᠢᠯᠳᠦᠬᠦ ᠶᠢ ᠠᠬᠢᠭᠤᠯᠤᠨ᠎ᠠ᠂ ᠲᠤᠰᠬᠠᠶ ᠪᠠᠶᠢᠩᠭᠤ ᠶᠢ ᠬᠤᠣᠰᠯᠠᠭᠤᠯᠬᠤ᠂ ᠲᠤᠰᠬᠠᠯ ᠰᠡᠷᠭᠡᠭ᠂ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠬᠦ᠂ ᠡᠩ ᠤᠨ ᠦᠶ᠎ᠡ ᠪᠠ  ᠳᠠᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ᠂ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠤᠨ ᠪᠠᠶᠢᠩᠭᠤ ᠶᠢᠨ ᠭᠠᠮᠰᠢᠭ ᠪᠠ ᠬᠡᠪ ᠤᠨ ᠪᠤᠰᠤ ᠭᠠᠮᠰᠢᠭ ᠠᠴᠠ ᠠᠪᠤᠷᠠᠬᠤ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠶ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠂ ᠲᠠᠩ ᠭᠠᠭᠴᠠ ᠭᠠᠶ ᠭᠠᠮᠰᠢᠭ ᠢ ᠠᠷᠭᠠᠴᠠᠬᠤ ᠠᠴᠠ ᠶᠡᠷᠦᠩᠬᠡᠶᠢᠯᠡᠭᠰᠡᠨ ᠭᠠᠶ ᠭᠠᠮᠰᠢᠭ ᠳᠠᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠪᠣᠯᠭᠠᠨ ᠬᠤᠪᠢᠷᠠᠭᠤᠯᠤᠨ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠷᠠᠭᠤᠯᠤᠨ᠂ ᠤᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠬᠠᠷ᠎ᠠ ᠶᠢᠨ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ᠂ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠵᠤ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号