ᠭᠤᠣᠯ ᠡᠭᠦᠷᠭᠡ ᠬᠠᠷᠢᠭᠤᠴᠠᠯᠭ᠎ᠠ᠄ | ᠨᠢᠭᠡ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠰᠢᠶᠠᠨ ᠤ | ᠠᠵᠢᠯ ᠤᠨ ᠪᠠᠶᠢᠳᠠᠯ ᠢ ᠣᠶᠢᠯᠠᠭᠠᠭᠤᠯᠵᠤ ᠡᠵᠡᠮᠰᠢᠭᠦᠯᠬᠦ ᠬᠡᠷᠡᠭᠲᠡᠢ᠃ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ | ᠨᠥᠬᠦᠳ ᠤᠨ ᠵᠢᠭᠠᠪᠤᠷᠢ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ | ᠪᠠᠶᠢᠷᠢᠯᠠᠭᠤᠯᠤᠯᠲᠠ ᠪᠠ ᠰᠢᠶᠠᠨ ᠤ ᠵᠠᠬᠢᠷᠭ᠎ᠠ ᠶᠢᠨ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠣᠬᠢ | ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠨᠢᠭᠡᠳᠦᠯᠲᠡᠢ ᠲᠥᠯᠥᠪᠯᠡᠨ | ᠵᠣᠬᠢᠴᠠᠭᠤᠯᠤᠨ᠎ᠠ᠃ | ᠬᠤᠶᠠᠷ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠰᠢᠶᠠᠨ ᠤ | ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ | ᠪᠢᠴᠢᠭ ᠢ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ ; ᠰᠢᠶᠠᠨ ᠤ ᠤᠳᠤᠷᠢᠳᠬᠤ ᠨᠥᠬᠦᠳ ᠤᠨ ᠶᠠᠷᠢᠶ᠎ᠠ | ᠪᠠ ᠪᠤᠰᠤᠳ ᠡᠬᠡ ᠨᠣᠣᠷᠠᠭ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠬᠦ ᠬᠡᠷᠡᠭᠲᠡᠢ᠃ | ᠭᠤᠷᠪᠠ᠂ ᠰᠢᠶᠠᠨ ᠤ ᠵᠠᠰᠠᠭ ᠤᠨ ᠣᠷᠳᠣᠨ ᠪᠠ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ | ᠲᠥᠷᠥᠯ ᠤᠨ ᠬᠤᠷᠠᠯ ᠢ ᠵᠣᠬᠢᠶᠠᠨ ᠪᠠᠶᠢᠭᠤᠯᠵᠤ ᠪᠡᠯᠡᠳᠬᠡᠬᠦ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ | ᠨᠥᠬᠦᠳ ᠢ ᠬᠠᠪᠰᠤᠷᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠳᠥᠷᠪᠡ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ | ᠰᠢᠶᠠᠨ ᠤ ᠤᠳᠤᠷᠢᠳᠬᠤ ᠨᠥᠬᠦᠳ ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃ | ᠲᠠᠪᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠤᠨ ᠰᠢᠶᠠᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠤᠴᠢᠷ ᠶᠠᠪᠤᠳᠠᠯ ᠢ | ᠬᠠᠷᠢᠭᠤᠴᠠᠨ ᠬᠢᠨᠠᠨ ᠬᠠᠷᠭᠤᠭᠤᠯᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠰᠢᠶᠠᠨ ᠤ ᠵᠠᠰᠠᠭ ᠤᠨ ᠣᠷᠳᠣᠨ ᠤ | ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ᠵᠢᠷᠭᠤᠭ᠎ᠠ᠂ ᠰᠢᠶᠠᠨ ᠤ ᠵᠠᠰᠠᠭ ᠤᠨ ᠣᠷᠳᠣᠨ ᠪᠣᠯᠣᠨ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ | ᠲᠥᠷᠥᠯ ᠤᠨ ᠪᠢᠴᠢᠭ ᠴᠠᠬᠢᠯᠭᠠᠨ ᠮᠡᠳᠡᠭᠡ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ | ᠣᠷᠳᠣᠨ ᠪᠣᠯᠣᠨ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠵᠣᠬᠢᠶᠠᠵᠤ ᠲᠠᠷᠬᠠᠭᠠᠬᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠲᠤ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠨ᠎ᠡ᠃ | ᠳᠣᠯᠤᠭ᠎ᠠ᠂ ᠠᠶᠢᠮᠠᠭ ᠤᠨ ᠵᠠᠬᠢᠷᠭ᠎ᠠ ᠪᠠ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯ ᠤᠨ | ᠪᠠᠶᠢᠷᠢᠯᠠᠭᠤᠯᠤᠯᠲᠠ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠰᠢᠶᠠᠨ ᠤ ᠵᠠᠰᠠᠭ ᠤᠨ ᠣᠷᠳᠣᠨ ᠤ | ᠤᠳᠤᠷᠢᠳᠬᠤ ᠨᠥᠬᠦᠳ ᠤᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠶᠢᠨ ᠬᠠᠮᠲᠤ ᠴᠠᠭ ᠲᠤᠬᠠᠢ ᠳᠤᠨᠢ ᠮᠡᠳᠡᠭᠦᠯᠬᠦ ᠶᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠵᠣᠬᠢᠴᠠᠭᠤᠯᠤᠨ ᠰᠢᠢᠳᠪᠦᠷᠢᠯᠡᠬᠦ ᠪᠠ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠰᠢᠶᠠᠨ ᠤ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠰᠢᠯᠭᠠᠬᠤ ᠠᠵᠢᠯ ᠢ | ᠬᠠᠷᠢᠭᠤᠴᠠᠨ᠎ᠠ᠃ | ᠨᠠᠢᠮᠠ᠂ ᠲᠥᠪ ᠤᠨ ᠪᠠ ᠲᠣᠭᠤᠷᠢᠭ᠂ ᠠᠶᠢᠮᠠᠭ ᠤᠨ ᠬᠤᠯᠪᠣᠭᠳᠠᠯ ᠪᠦᠬᠦᠢ ᠲᠠᠯ᠎ᠠ ᠶᠢᠨ ᠴᠢᠬᠤᠯᠠ ᠶᠡᠭᠡ ᠣᠨᠣᠯ᠂ | ᠲᠥᠷᠥ ᠶᠢᠨ ᠪᠣᠳᠣᠯᠭ᠎ᠠ ᠶᠢ ᠴᠤᠭᠯᠠᠭᠤᠯᠬᠤ᠂ ᠡᠮᠬᠢᠳᠬᠡᠬᠦ᠂ ᠰᠤᠳᠤᠯᠬᠤ ᠶᠢ ᠬᠠᠷᠢᠭᠤᠴᠠᠵᠤ᠂ ᠪᠥᠬᠦ ᠰᠢᠶᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ | ᠥᠷᠨᠢᠭᠦᠯᠵᠦ᠂ ᠠᠵᠢᠯ ᠤᠨ ᠰᠠᠨᠠᠭᠤᠯᠭ᠎ᠠ ᠳᠤᠷᠠᠳᠤᠨ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ | ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃ | ᠶᠢᠰᠦ᠂ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠴᠢᠬᠤᠯᠠ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ | ᠮᠡᠳᠡᠭᠦᠯᠦᠨ ᠬᠦᠷᠭᠡᠬᠦ ᠶᠢ ᠬᠠᠷᠢᠭᠤᠴᠠᠵᠤ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠢᠯᠣᠭᠤᠳᠤᠨ᠎ᠠ ;ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠰᠦᠯᠵᠢᠶᠡᠨ ᠤ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠰᠢᠶᠠᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠢᠯᠤᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃ | ᠠᠷᠪᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠬᠤᠷᠠᠯ ᠤᠨ | ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠵᠤ᠂ ᠪᠥᠬᠦ ᠰᠢᠶᠠᠨ ᠤ ᠵᠠᠰᠠᠭ ᠤᠨ | ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠠ ᠮᠣᠩᠭᠤᠯ ᠰᠦᠯᠵᠢᠶ᠎ᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ᠠᠷᠪᠠᠨ ᠨᠢᠭᠡ᠂ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ | ᠠᠷᠪᠠᠨ ᠬᠤᠶᠠᠷ ᠂ ᠰᠢᠶᠠᠨ ᠤ ᠵᠠᠰᠠᠭ ᠤᠨ ᠣᠷᠳᠣᠨ ᠤ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠵᠢᠴᠢ ᠬᠠᠷᠢᠶ᠎ᠠ | ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠠᠷᠪᠠᠨ ᠭᠤᠷᠪᠠ᠂ ᠲᠦᠴᠢᠦᠸᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠥᠪ᠂ ᠲᠦᠴᠢᠦᠸᠠᠨ ᠤ | ᠰᠢᠶᠠᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯ ᠢ ᠵᠢᠯᠤᠭᠤᠳᠬᠤ᠂ | ᠰᠢᠮᠳᠠᠭᠤᠯᠬᠤ ᠪᠠ ᠪᠠᠶᠢᠴᠠᠭᠠᠨ᠎ᠠ᠃ | ᠠᠷᠪᠠᠨ ᠲᠤᠶᠢᠷᠪᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ | ᠠᠵᠢᠯᠯᠠᠬᠤ ᠭᠠᠵᠠᠷ᠄ ᠲᠦᠴᠢᠦᠸᠠᠨ ᠰᠢᠶᠠᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ | 4 ᠳ᠋ᠦᠭᠡᠷ ᠠᠰᠠᠷ | ᠬᠠᠷᠢᠯᠴᠠᠬᠤ ᠤᠲᠠᠰᠤ᠄ 0482-5188060 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 ︱ 11᠄ 30︔14᠄ 30 | ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠭᠡᠷ ᠤᠨ ᠡᠷᠬᠢᠯᠡᠭᠴᠢ ᠯᠢ ᠹᠦ᠋ ᠱᠧᠩ | | |