1 . ᠲᠠᠪᠤᠨ ᠶᠡᠭᠡ ᠡᠭᠦᠷᠭᠡ᠄ ᠥᠪᠥᠷ ᠮᠣᠩᠭᠤᠯ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ | ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ | ᠰᠠᠭᠤᠷᠢᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ ᠃ | 2 . ᠨᠢᠭᠡ ᠠᠭᠤᠯᠠ ᠬᠤᠶᠠᠷ ᠨᠠᠭᠤᠷ ᠬᠤᠶᠠᠷ ᠬᠦᠷᠢᠶᠡᠯᠡᠩ ᠲᠣᠭᠤᠷᠢᠭ᠄ ᠯᠣᠣ ᠳᠧᠦ ᠱᠠᠨ ᠠᠭᠤᠯᠠ᠂ ᠰᠢᠩ | ᠰᠢᠩ ᠬᠤ᠋ ᠨᠠᠭᠤᠷ᠂ ᠪᠦ᠋ᠦ ᠱᠢ ᠬᠤ᠋ ᠨᠠᠭᠤᠷ᠂ ᠱᠣ ᠭᠤᠸᠠᠩ ᠬᠦᠷᠢᠶᠡᠯᠡᠩ ᠲᠣᠭᠤᠷᠢᠭ᠂ ᠰᠠᠢ ᠶᠢᠨ ᠬᠤᠸᠠ | ᠬᠦᠷᠢᠶᠡᠯᠡᠩ ᠲᠣᠭᠤᠷᠢᠭ ᠃ | 3 . RCEP᠄ 《 ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ | ᠶᠢᠨ ᠬᠡᠯᠡᠯᠴᠡᠭᠡᠷ 》 ᠢ ᠢᠨᠳᠣᠨᠧᠰᠢᠶ᠎ᠠ᠂ ᠮᠠᠯᠠᠶᠢᠰᠢᠶ᠎ᠠ᠂ ᠹᠢᠯᠢᠫᠢᠨ᠂ ᠲᠠᠢ ᠤᠯᠤᠰ᠂ ᠰᠢᠩᠭᠠᠫᠣᠷ᠂ ᠪᠷᠦ᠋ᠨ᠋ᠸᠢ᠂ | ᠺᠠᠮᠪᠣᠵᠠ᠂ ᠯᠠᠤᠰ᠂ ᠪᠢᠷᠮᠠ᠂ ᠸᠢᠶᠧᠲᠨᠠᠮ᠂ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ ᠪᠣᠯᠤᠨ | ᠰᠢᠨ᠎ᠡ ᠽᠢᠯᠠᠨᠳ᠋ ᠵᠡᠷᠭᠡ 15 ᠤᠯᠤᠰ ᠲᠣᠭᠲᠠᠭᠠᠪᠠ ᠃ | 4 . ᠣᠷᠣᠯᠭ᠎ᠠ ᠶᠢ ᠨᠡᠮᠡᠭᠳᠡᠭᠦᠯᠬᠦ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ᠄ ᠬᠦᠷᠢᠶ᠎ᠡ ᠬᠠᠰᠢᠶᠠᠨ ᠤ ᠠᠵᠤ | ᠠᠬᠤᠶ᠂ ᠳᠣᠤᠷ᠎ᠠ ᠤᠨᠠᠯᠲᠠ ᠲᠠᠢ ᠣᠶ ᠰᠢᠭᠤᠶ ᠶᠢᠨ ᠥᠭᠡᠷᠡᠴᠢᠯᠡᠯᠲᠡ ᠶᠢ ᠬᠥᠭᠵᠢᠭᠦᠯᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ ᠠᠴᠠ ᠣᠷᠣᠯᠠᠨ ᠲᠠᠷᠢᠶᠠᠯᠠᠵᠤ ᠣᠷᠣᠯᠠᠨ ᠳᠠᠷᠢᠬᠤ ᠶᠢ ᠠᠬᠢᠭᠤᠯᠤᠨ᠂ ᠠᠯᠠᠰᠢᠨ ᠦᠬᠡᠷ ᠤᠨ | ᠡᠭᠦᠯᠳᠡᠷ ᠢ ᠰᠠᠶᠢᠵᠢᠷᠠᠭᠤᠯᠵᠤ᠂ ᠬᠦᠴᠦ ᠶᠠᠪᠤᠵᠤ ᠠᠵᠢᠯ ᠤᠯᠬᠤ ᠶᠢ ᠴᠢᠩᠭᠠᠳᠬᠠᠨ᠎ᠠ ᠃ | 5 . ᠬᠤᠶᠠᠷ ᠢ ᠥᠨᠳᠥᠷ ᠪᠠᠶᠢᠯᠭᠠᠨ᠎ᠠ᠄ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠠᠴᠠ ᠥᠨᠳᠥᠷ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠪᠥᠬᠦ ᠤᠯᠤᠰ᠂ ᠪᠥᠬᠦ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠠᠴᠠ ᠥᠨᠳᠥᠷ ᠪᠠᠶᠢᠨ᠎ᠠ ᠃ | 6 . ᠪᠠᠷᠤᠭ ᠳᠥᠷᠪᠡᠨ ᠬᠤᠷᠠᠯ᠄ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ᠂ ᠤᠯᠠᠭᠠᠨ ᠴᠠᠭᠠᠨ ᠤ ᠬᠡᠷᠡᠭ | ᠡᠷᠬᠢᠯᠡᠭᠴᠢᠳ ᠤᠨ ᠬᠤᠷᠠᠯ᠂ ᠶᠣᠰᠣ ᠮᠣᠷᠠᠯ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ᠂ ᠬᠤᠣᠷᠲᠤ ᠡᠳ᠋ ᠢ | ᠴᠠᠭᠠᠵᠠᠯᠠᠬᠤ ᠵᠣᠭᠤᠰ ᠨᠠᠭᠠᠳᠬᠤ ᠶᠢ ᠴᠠᠭᠠᠵᠠᠯᠠᠬᠤ ᠬᠤᠷᠠᠯ ᠃ | 7 . CCER᠄ ᠤᠯᠤᠰ ᠠᠴᠠ ᠰᠠᠶᠢᠨ ᠳᠤᠷ᠎ᠠ ᠠᠴᠠ ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ | ᠶᠢ ᠪᠠᠭᠠᠰᠬᠠᠨ᠎ᠠ ᠃ | 8 . 《 345 》 ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠵᠠᠭᠪᠤᠷ᠄ | 《 3 》 ᠭᠡᠳᠡᠭ ᠨᠢ ᠭᠤᠷᠪᠠᠨ ᠲᠣᠭᠤᠷᠢᠭ ᠬᠤᠪᠢᠶᠠᠨ ᠵᠠᠰᠠᠬᠤ ᠪᠣᠯᠤᠨ᠎ᠠ᠂ ᠪᠥᠬᠦ ᠰᠢᠶᠠᠨ ᠤ 188 ᠵᠠᠰᠠᠭ | ᠵᠠᠬᠢᠷᠭᠠᠨ ᠤ ᠲᠣᠰᠬᠤᠨ᠂ 9 ᠲᠠᠷᠢᠶᠠᠯᠠᠩ ᠣᠶ ᠰᠢᠭᠤᠶ ᠶᠢᠨ ᠲᠠᠯᠠᠪᠠᠶ ᠶᠢ ᠭᠤᠷᠪᠠᠳᠤᠭᠠᠷ ᠲᠥᠷᠥᠯ ᠤᠨ ᠣᠷᠣᠨ | ᠪᠦᠰᠡ ᠪᠣᠯᠭᠠᠨ ᠬᠤᠪᠢᠶᠠᠨ᠎ᠠ︔ 《 4 》 ᠭᠡᠳᠡᠭ ᠨᠢ ᠳᠠᠷᠤᠶ ᠳᠥᠷᠪᠡᠨ ᠠᠯᠬᠤᠮ ᠤᠨ ᠠᠷᠭ᠎ᠠ ᠬᠡᠮᠵᠢᠶ᠎ᠡ ᠪᠣᠯᠤᠨ᠎ᠠ᠂ | ᠨᠢᠭᠡ ᠳᠤ ᠤᠬᠠᠭᠤᠯᠤᠨ ᠬᠥᠲᠥᠯᠥᠨ ᠵᠢᠯᠣᠭᠤᠳᠴᠤ ᠣᠷᠴᠢᠨ ᠠᠬᠤᠶ ᠶᠢ ᠪᠣᠶ ᠪᠣᠯᠭᠠᠨ᠎ᠠ᠂ ᠬᠤᠶᠠᠷ ᠲᠤ ᠺᠠᠳ᠋ᠷ | ᠡᠷᠦᠬᠡ ᠳᠤ ᠣᠷᠣᠵᠤ ᠬᠥᠲᠥᠯᠥᠨ ᠵᠢᠯᠣᠭᠤᠳᠴᠤ ᠠᠬᠢᠭᠤᠯᠤᠨ᠎ᠠ᠂ ᠭᠤᠷᠪᠠ ᠳᠤ ᠲᠠᠷᠢᠶᠠᠴᠢᠨ ᠰᠦᠶᠳᠬᠡᠯ ᠲᠤᠰᠢᠶᠠᠬᠤ | ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ᠎ᠠ᠂ ᠳᠥᠷᠪᠡ ᠳᠤ ᠬᠤᠪᠢ ᠬᠤᠷᠠᠮᠳᠤᠭᠤᠯᠵᠤ ᠦᠷ᠎ᠡ ᠪᠦᠲᠦᠭᠡᠯ ᠢᠶᠠᠨ | ᠪᠠᠬᠢᠵᠢᠭᠦᠯᠦᠨ᠎ᠡ︔ 《 5 》 ᠭᠡᠳᠡᠭ ᠨᠢ ᠳᠠᠷᠤᠶ ᠲᠠᠪᠤᠨ ᠵᠦᠶᠯ ᠤᠨ ᠪᠠᠲᠤᠯᠠᠭ᠎ᠠ᠂ ᠪᠠᠯᠠ ᠮᠥᠩᠭᠦ ᠶᠢᠨ ᠪᠠᠲᠤᠯᠠᠭ᠎ᠠ | ᠶᠢ ᠲᠣᠭᠲᠠᠪᠤᠷᠢᠵᠢᠭᠤᠯᠬᠤ᠂ ᠡᠩᠨᠡᠭᠡᠨ ᠤ ᠪᠠᠲᠤᠯᠠᠭ᠎ᠠ᠂ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ | ᠶᠢᠨ ᠪᠠᠲᠤᠯᠠᠭ᠎ᠠ᠂ ᠡᠬᠢ ᠪᠠᠶᠠᠯᠢᠭ ᠢ ᠬᠤᠷᠢᠶᠠᠨ ᠠᠪᠬᠤ ᠪᠠᠲᠤᠯᠠᠭ᠎ᠠ᠂ ᠬᠢᠨᠠᠨ ᠰᠢᠯᠭᠠᠵᠤ ᠱᠠᠩᠨᠠᠵᠤ ᠲᠣᠷᠭᠠᠬᠤ | ᠪᠠᠲᠤᠯᠠᠭ᠎ᠠ ᠶᠢ ᠪᠦᠷᠢᠨᠰᠢᠭᠦᠯᠬᠦ ᠶᠠᠪᠤᠳᠠᠯ ᠪᠣᠯᠤᠨ᠎ᠠ ᠃ | 9 . ᠵᠢᠷᠭᠤᠭᠠᠨ ᠢᠨᠵᠧᠨᠧᠷᠢᠩ᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠸᠣᠯᠲ ᠢ ᠨᠢᠭᠡ | ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠶᠢ ᠰᠢᠪᠲᠤᠯᠬᠤ 》 | ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠃ | 10 . ᠵᠢᠭᠤᠯᠴᠢᠯᠠᠯ ᠤᠨ ᠳᠥᠷᠪᠡᠨ ᠭᠠᠵᠠᠷ᠄ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ ᠶᠢᠨ ᠲᠡᠷᠢᠭᠦᠨ | ᠰᠣᠩᠭᠤᠬᠤ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠠᠶᠢᠨ ᠰᠣᠩᠭᠤᠬᠤ ᠭᠠᠵᠠᠷ᠂ ᠠᠮᠠᠷᠠᠯᠲᠠ | ᠥᠩᠭᠡᠷᠡᠭᠡᠬᠦ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ | ᠰᠢᠯᠢᠳᠡᠭ ᠰᠣᠩᠭᠤᠬᠤ ᠭᠠᠵᠠᠷ ᠃ | 11 . ᠳᠥᠷᠪᠡᠨ ᠵᠢᠷᠤᠭ ᠭᠤᠷᠪᠠᠨ ᠱᠤᠭᠤᠮ᠄ ᠲᠦᠴᠢᠦᠸᠠᠨ ᠳᠤ ᠵᠤᠭᠠᠴᠠᠵᠤ᠂ ᠲᠦᠴᠢᠦᠸᠠᠨ ᠳᠤ ᠢᠳᠡᠵᠦ᠂ | ᠲᠦᠴᠢᠦᠸᠠᠨ ᠳᠤ ᠬᠤᠳᠠᠯᠳᠤᠨ ᠠᠪᠴᠤ᠂ ᠲᠦᠴᠢᠦᠸᠠᠨ ᠤ ᠳᠥᠷᠪᠡᠨ ᠵᠠᠮᠴᠢ ᠵᠢᠷᠤᠭ ᠢ ᠲᠣᠭᠲᠠᠭᠠᠨ᠎ᠠ︔ ᠡᠴᠢᠭᠡ | ᠡᠬᠡ ᠦᠷ᠎ᠡ ᠬᠡᠦᠬᠡᠳ᠂ ᠰᠤᠳᠤᠯᠤᠨ ᠰᠤᠷᠤᠯᠴᠠᠬᠤ᠂ ᠥᠪᠡᠷ ᠢᠶᠠᠷ ᠲᠡᠷᠭᠡ ᠵᠢᠯᠣᠭᠤᠳᠬᠤ ᠭᠤᠷᠪᠠᠨ ᠵᠠᠮ ᠱᠤᠭᠤᠮ ᠢ | ᠲᠥᠯᠥᠪᠵᠢᠭᠦᠯᠦᠨ᠎ᠡ ᠃ | 12 . ᠴᠦᠨ ᠵᠧᠦ ᠶᠢᠨ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ ᠬᠤᠲᠠ᠄ ᠲᠥᠪ ᠴᠡᠴᠡᠷᠯᠢᠭ ᠤᠨ | ᠭᠠᠵᠠᠷ ᠳᠣᠣᠷᠠᠬᠢ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ ᠲᠠᠯᠠᠪᠠᠶ ᠃ | 13 . 《 ᠨᠢᠭᠡ ᠪᠦᠰᠡ᠂ ᠬᠤᠶᠠᠷ ᠲᠣᠭᠤᠷᠢᠭ᠂ ᠭᠤᠷᠪᠠᠨ ᠵᠢᠱᠢᠶ᠎ᠡ ᠦᠵᠡᠭᠦᠯᠬᠦ 》᠄ ᠨᠢᠭᠡ ᠪᠦᠰᠡ᠄ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠵᠢᠱᠢᠶ᠎ᠡ ᠦᠵᠡᠭᠦᠯᠬᠦ ᠪᠦᠰᠡ︔ ᠬᠤᠶᠠᠷ ᠲᠣᠭᠤᠷᠢᠭ᠄ ᠬᠥᠳᠡᠭᠡ ᠠᠵᠤ | ᠠᠬᠤᠶ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠣᠷᠣᠨ᠂ ᠣᠲᠣ ᠦᠶ᠎ᠡ ᠶᠢᠨ ᠲᠠᠷᠢᠶᠠᠯᠠᠩ | ᠤᠨ ᠵᠢᠱᠢᠶ᠎ᠡ ᠦᠵᠡᠭᠦᠯᠬᠦ ᠣᠷᠣᠨ︔ ᠭᠤᠷᠪᠠ ᠵᠢᠱᠢᠶ᠎ᠡ᠄ ᠳᠥᠷᠪᠡᠳ ᠪᠠᠯᠭᠠᠰᠤ᠂ ᠶᠦᠩ ᠠᠨ ᠪᠠᠯᠭᠠᠰᠤ᠂ ᠵᠢᠷᠭᠤᠭᠠᠨ | ᠡᠷᠦᠬᠡ ᠪᠠᠯᠭᠠᠰᠤ ᠃ | ᠃14 . 《 ᠲᠠᠪᠤᠨ ᠬᠦᠷᠢᠶᠡᠯᠡᠩ 》᠄ ᠠᠶᠢᠯ ᠲᠣᠰᠬᠤᠨ ᠢ ᠴᠡᠴᠡᠷᠯᠢᠭ᠂ ᠨᠣᠭᠤᠭ᠎ᠠ ᠶᠢᠨ ᠬᠦᠷᠢᠶᠡᠯᠡᠩ᠂ | ᠵᠢᠮᠢᠰ ᠤᠨ ᠬᠦᠷᠢᠶᠡᠯᠡᠩ᠂ ᠵᠤᠭᠠᠴᠠᠯ ᠤᠨ ᠬᠦᠷᠢᠶᠡᠯᠡᠩ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ | ᠶᠢᠨ ᠣᠶᠤᠨ ᠰᠠᠨᠠᠭᠠᠨ ᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠃ | ᠃15 . 《 2332 》 ᠠᠮᠢ ᠠᠬᠤᠶ ᠶᠢᠨ ᠵᠠᠰᠠᠯᠲᠠ ᠶᠢᠨ ᠠᠵᠢᠯ ᠤᠨ ᠣᠶᠢᠯᠠᠭᠠᠭᠳᠠᠬᠤᠨ᠄ ᠨᠢᠭᠡᠳᠦᠭᠡᠷ 《 | 2 》 ᠭᠡᠳᠡᠭ ᠨᠢ ᠳᠠᠷᠤᠶ ᠬᠤᠶᠠᠷ ᠣᠷᠣᠨ ᠪᠦᠰᠡ ᠶᠢ ᠳᠣᠪᠣᠶᠢᠯᠭᠠᠵᠤ᠂ ᠪᠦᠬᠦ ᠰᠢᠶᠠᠨ ᠢ ᠡᠯᠡᠰᠦᠷᠬᠡᠭᠵᠢᠭᠰᠡᠨ | ᠭᠠᠵᠠᠷ ᠰᠢᠷᠣᠶ ᠶᠢᠨ ᠵᠠᠰᠠᠯᠲᠠ ᠶᠢᠨ ᠣᠷᠣᠨ ᠪᠠ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠣᠷᠣᠨ ᠪᠣᠯᠭᠠᠨ | ᠬᠤᠪᠢᠶᠠᠨ᠎ᠠ︔ ᠨᠢᠭᠡᠳᠦᠭᠡᠷ 《 3 》 ᠭᠡᠳᠡᠭ ᠨᠢ ᠭᠤᠷᠪᠠᠨ ᠭᠤᠤᠯᠳᠠᠯᠭ᠎ᠠ ᠶᠢ ᠠᠳᠬᠤᠵᠤ᠂ 4 . 4 ᠲᠦᠮᠡᠨ ᠮᠥ | ᠡᠯᠡᠰᠦᠷᠬᠡᠭᠵᠢᠭᠰᠡᠨ ᠭᠠᠵᠠᠷ᠂ 2 . 7 ᠲᠦᠮᠡᠨ ᠮᠥ ᠡᠯᠡᠰᠦᠷᠬᠡᠭᠵᠢᠬᠦ ᠬᠠᠨᠳᠤᠰᠢ ᠲᠠᠢ ᠭᠠᠵᠠᠷ᠂ ᠬᠥᠷᠥᠰᠥ ᠰᠢᠷᠣᠶ | ᠶᠢᠨ ᠢᠳᠡᠭᠳᠡᠯ ᠤᠨ ᠣᠷᠣᠨ ᠪᠦᠰᠡ ᠳᠤ ᠴᠢᠭᠯᠡᠭᠦᠯᠦᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ | ᠲᠤᠰᠬᠠᠶ ᠵᠠᠰᠠᠯᠲᠠ ᠬᠢᠨ᠎ᠠ︔ ᠬᠤᠶᠠᠳᠤᠭᠠᠷ 《 3 》 ᠨᠢ ᠳᠠᠷᠤᠢ ᠭᠤᠷᠪᠠᠨ ᠲᠣᠭᠲᠠᠴᠠ᠂ ᠲᠥᠯᠥᠪᠵᠢᠭᠦᠯᠭᠡ ᠶᠢ | ᠤᠷᠢᠳ ᠢᠶᠠᠷ ᠬᠡᠷᠡᠭᠵᠢᠭᠦᠯᠬᠦ ᠲᠣᠭᠲᠠᠴᠠ᠂ ᠠᠮᠢ ᠠᠬᠤᠢ ᠶᠢᠨ ᠦᠷ᠎ᠡ ᠪᠦᠲᠦᠭᠡᠯ ᠢ ᠬᠤᠪᠢᠷᠠᠭᠤᠯᠬᠤ ᠲᠣᠭᠲᠠᠴᠠ᠂ | ᠤᠯᠠᠨ ᠲᠦᠮᠡᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠎ᠠ︔ ᠬᠤᠶᠠᠳᠤᠭᠠᠷ 《 2 》 | ᠭᠡᠳᠡᠭ ᠨᠢ ᠳᠠᠷᠤᠶ ᠬᠤᠶᠠᠷ ᠢ ᠦᠨᠡᠨ ᠬᠦ ᠪᠠᠲᠤᠯᠠᠬᠤ ᠶᠢ ᠪᠡᠶᠡᠯᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠤᠨ | ᠬᠤᠶᠢᠲᠤ ᠵᠠᠬ᠎ᠠ ᠶᠢᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠦᠨᠡᠨ ᠬᠦ ᠪᠠᠲᠤᠯᠠᠵᠤ᠂ ᠨᠢᠭᠡ | ᠪᠦᠯᠦᠭ ᠵᠢᠱᠢᠶ᠎ᠡ ᠦᠵᠡᠭᠦᠯᠬᠦ ᠲᠥᠷᠥᠯ ᠵᠦᠶᠯ ᠪᠠ ᠥᠯᠢᠭᠡᠷ ᠳᠠᠭᠤᠷᠢᠶᠠᠯ ᠢᠨᠵᠧᠨᠧᠷᠢᠩ ᠢ ᠪᠣᠶ ᠪᠣᠯᠭᠠᠬᠤ ᠶᠢ ᠦᠨᠡᠨ | ᠬᠦ ᠪᠠᠲᠤᠯᠠᠨ᠎ᠠ ᠃ |