ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ︽ᠬᠠᠮᠤᠭ ᠤᠨ ᠭᠤᠶᠣ ᠭᠤᠷᠪᠠᠳᠤᠭᠠᠷ ᠰᠠᠷ᠎ᠠ᠂ ᠡᠮᠡᠭᠲᠡᠶᠢᠴᠦᠳ ᠥᠩᠭᠡ ᠭᠢᠯᠪᠠᠭ᠎ᠠ ᠪᠠᠨ ᠪᠠᠳᠠᠷᠠᠭᠤᠯᠤᠨ᠎ᠠ︾ ᠭᠡᠬᠦ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/8
   ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ᠂ ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠪᠣᠯᠣᠨ ᠪᠦᠦ ᠱᠢ ᠪᠠᠯᠭᠠᠰᠤᠨ ᠤ ᠪᠦᠦ ᠴᠧᠩ ᠲᠣᠰᠬᠤᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠮᠲᠤᠷᠠᠨ ︽ᠬᠠᠮᠤᠭ ᠤᠨ ᠭᠤᠶᠣ ᠭᠤᠷᠪᠠᠳᠤᠭᠠᠷ ᠰᠠᠷ᠎ᠠ᠂ ᠡᠮᠡᠭᠲᠡᠶᠢᠴᠦᠳ ᠥᠩᠭᠡ ᠭᠢᠯᠪᠠᠭ᠎ᠠ ᠪᠠᠨ ᠪᠠᠳᠠᠷᠠᠭᠤᠯᠤᠨ᠎ᠠ ︾ ᠭᠡᠬᠦ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠪᠡ᠃
   ᠣᠨᠣᠯ ᠢ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠲᠣᠰᠬᠤᠨ ᠤ ᠠᠷᠠᠳ ᠲᠤ ᠨᠠᠮ ᠤᠨ ᠲᠥᠷᠥ ᠶᠢᠨ ᠪᠣᠳᠣᠯᠭ᠎ᠠ᠂ ᠴᠢᠭᠯᠡᠯᠲᠡ ᠶᠢ ᠣᠶᠢᠯᠠᠭᠠᠭᠤᠯᠵᠤ᠂ ᠲᠡᠳᠡᠨ ᠤ ᠤᠯᠤᠰ ᠲᠥᠷᠥ ᠶᠢᠨ ᠤᠬᠠᠮᠰᠠᠷ ᠪᠠ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ ᠤᠯᠤᠰ ᠤᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠣᠶᠢᠯᠠᠭᠠᠭᠤᠯᠵᠤ᠂ ︽ᠪᠣᠯᠪᠠᠰᠤᠨ ᠢ ᠡᠷᠬᠢᠮᠯᠡᠨ᠂ ᠮᠠᠭᠤ ᠳᠠᠳᠬᠠᠯ ᠢ ᠠᠷᠢᠯᠭᠠᠵᠤ᠂ ᠰᠢᠨ᠎ᠡ ᠬᠡᠪ ᠰᠤᠷᠲᠠᠯ ᠢ ᠪᠣᠶ ᠪᠣᠯᠭᠠᠬᠤ︾ ᠴᠠᠭ ᠦᠶ᠎ᠡ ᠶᠢᠨ ᠭᠤᠣᠯ ᠬᠥᠭ ᠠᠶᠠᠰ ᠢ ᠬᠠᠩᠭᠢᠨᠠᠭᠤᠯᠤᠨ᠂ ᠰᠣᠶᠣᠯ ᠤᠨ ᠨᠡᠪᠴᠢᠭᠦᠯᠬᠦ ᠦᠢᠯᠡᠳᠦᠯ ᠢ ᠪᠠᠳᠠᠷᠠᠭᠤᠯᠵᠤ᠂ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠷᠠᠭᠤᠯᠤᠭᠰᠠᠨ ᠤ ᠤᠯᠠᠮ ᠠᠴᠠ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠨᠠᠩ ᠢᠳᠡᠪᠬᠢᠲᠡᠢ ᠣᠷᠣᠯᠴᠠᠭᠰᠠᠨ ᠪᠠᠶᠢᠨ᠎ᠠ᠃
   ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ ᠲᠣᠭᠯᠠᠭᠠᠮ ᠢᠶᠠᠷ ᠳᠠᠮᠵᠢᠭᠤᠯᠤᠨ᠂ ᠤᠯᠠᠨ ᠢᠶᠠᠷ ᠢᠶᠠᠨ ᠬᠠᠷᠢᠯᠴᠠᠨ ᠵᠢᠵᠢᠭ ᠤᠯᠠᠭᠠᠨ ᠴᠡᠴᠡᠭ ᠢ ᠳᠠᠮᠵᠢᠭᠤᠯᠵᠤ᠂ ᠴᠢ ᠳᠠᠮᠵᠢᠭᠤᠯᠪᠠᠯ ᠪᠢ ᠲᠣᠰᠴᠤ᠂ ᠬᠡᠩᠭᠡᠷᠭᠡ ᠲᠤᠤᠭᠠᠷᠪᠠᠯ ᠴᠡᠴᠡᠭ ᠢ ᠳᠠᠮᠵᠢᠭᠤᠯᠵᠤ᠂ ᠬᠡᠩᠭᠡᠷᠭᠡ ᠤᠨ ᠲᠠᠭᠤᠨ ᠵᠤᠭᠰᠤᠪᠠᠯ ᠴᠡᠴᠡᠭ ᠢ ᠵᠣᠭᠰᠤᠭᠠᠬᠤ ᠵᠡᠷᠭᠡ ᠨᠢ ᠤᠷᠮ᠎ᠠ ᠪᠠᠬ᠎ᠠ ᠪᠠᠷ ᠲᠡᠭᠦᠯᠳᠡᠷ ᠪᠠᠶᠢᠬᠤ ᠪᠠᠷ ᠪᠠᠷᠠᠬᠤ ᠦᠭᠡᠢ ᠪᠠᠰᠠ ᠥᠷᠭᠡᠨ ᠤᠯᠠᠨ ᠲᠦᠮᠡᠨ ᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠠ ᠴᠢᠳᠠᠮᠠᠭᠠᠢ ᠴᠢᠨᠠᠷ ᠢ ᠭᠦᠢᠴᠡᠳ ᠲᠠᠶᠢᠴᠢᠯᠠᠵᠤ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠤᠷᠤᠭᠰᠢᠯᠠᠯᠲᠠ ᠶᠢᠨ ᠬᠦᠴᠦᠨ ᠢ ᠬᠥᠭᠵᠢᠭᠡᠭᠰᠡᠨ ᠪᠠᠶᠢᠨ᠎ᠠ᠃
   ᠬᠠᠷᠠᠩᠭ᠎ᠠ ᠬᠡᠩᠭᠡᠷᠭᠡ ᠶᠢᠨ ᠲᠠᠭᠤᠨ ᠤ ᠳᠤᠮᠳᠠ᠂ ᠡᠮᠡᠭᠲᠡᠢ ᠥᠨᠳᠥᠷ ᠮᠤᠳᠤᠨ ᠬᠥᠯᠲᠦ ᠠᠩᠭᠢ ᠶᠢᠨ ᠭᠡᠰᠢᠭᠦᠳ 40 ᠰᠠᠨᠲ᠋ᠢᠮᠧᠲᠷ ᠥᠨᠳᠥᠷ ᠮᠤᠳᠤᠨ ᠬᠥᠯᠲᠦ ᠶᠢ ᠭᠢᠰᠬᠢᠵᠦ᠂ ᠡᠯ᠎ᠡ ᠵᠦᠢᠯ ᠤᠨ ᠭᠤᠴᠣ ᠡᠷᠳᠡᠮ ᠢᠶᠠᠨ ᠳᠡᠯᠭᠡᠨ ᠦᠵᠡᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠤᠷᠣᠮᠬᠠᠨ ᠵᠠᠭᠤᠷ᠎ᠠ ᠳᠦᠭᠦᠷᠭᠡᠪᠡ᠃ ᠡᠨᠡ ᠨᠢ ᠭᠡᠰᠢᠭᠦᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠡᠳᠡᠨ ᠤ ᠪᠦᠯᠬᠦᠮ ᠤᠨ ᠬᠠᠮᠵᠢᠯᠴᠠᠬᠤ ᠴᠢᠳᠠᠪᠤᠷᠢ ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠴᠦ ᠨᠡᠮᠡᠭᠳᠡᠭᠦᠯᠦᠭᠰᠡᠨ ᠪᠠᠶᠢᠨ᠎ᠠ᠃
   ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠠᠮᠢᠳᠤᠷᠠᠯ ᠳᠤ ᠭᠦᠨᠵᠡᠭᠡᠶᠢᠷᠡᠨ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ ᠶᠢ ᠬᠥᠲᠥᠯᠥᠨ ᠵᠢᠯᠤᠭᠤᠳᠴᠤ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠥᠷᠭᠡᠨ ᠢᠶᠠᠷ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠶᠢ ᠨᠡᠮᠡᠭᠳᠡᠭᠦᠯᠬᠦ ᠶᠢᠨ ᠵᠡᠷᠭᠡ ᠳᠤ ᠥᠷᠭᠡᠨ ᠣᠯᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠠᠷᠠᠳ ᠲᠦᠮᠡᠨ ᠳᠤ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号