ᠦᠨᠡᠨᠴᠢ ᠢᠲᠡᠭᠡᠮᠵᠢ ᠶᠢᠨ ᠴᠡᠴᠡᠭ ᠤᠨ ᠦᠨᠦᠷ ᠰᠤᠷᠭᠠᠭᠤᠯᠢ ᠶᠢᠨ ᠬᠦᠷᠢᠶᠡᠨ ᠳᠤ ᠬᠠᠩᠬᠢᠯᠤᠨ᠎ᠠ
ᠨᠡᠶᠢᠲᠡᠯᠡᠭᠰᠡᠨ ᠴᠠᠭ᠄
2024/4/11
   ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠳᠡᠯᠭᠡᠷᠡᠭᠦᠯᠦᠨ ᠪᠠᠳᠠᠷᠠᠭᠤᠯᠵᠤ᠂ ᠰᠤᠷᠤᠭᠴᠢᠳ ᠤᠨ ᠦᠨᠡᠨᠴᠢ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠵᠠᠩ ᠮᠣᠷᠠᠯ ᠢ ᠬᠥᠮᠥᠵᠢᠭᠦᠯᠦᠨ᠂ ᠰᠤᠷᠤᠭᠴᠢᠳ ᠤᠨ ᠶᠣᠰᠣ ᠮᠣᠷᠠᠯ ᠢᠶᠠᠷ ᠪᠡᠶ᠎ᠡ ᠪᠠᠨ ᠵᠠᠰᠠᠬᠤ᠂ ᠦᠨᠡᠨᠴᠢ ᠢᠲᠡᠭᠡᠮᠵᠢᠲᠡᠢ ᠪᠠᠶᠢᠬᠤ ᠤᠬᠠᠮᠰᠠᠷ ᠢ ᠨᠡᠮᠡᠭᠳᠡᠭᠦᠯᠵᠦ᠂ ︽ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ ᠶᠢ ᠮᠡᠳᠡᠵᠦ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ︾ ᠡᠷᠡᠭᠦᠯ ᠪᠥᠭᠡᠳ ᠡᠶ᠎ᠡ ᠵᠣᠬᠢᠴᠠᠯ ᠲᠠᠢ ᠰᠤᠷᠭᠠᠭᠤᠯᠢ  ᠶᠢᠨ ᠬᠦᠷᠢᠶ᠎ᠡ ᠶᠢ ᠪᠤᠶ ᠪᠣᠯᠭᠠᠬᠤ ᠶᠢᠨ ᠲᠦᠯᠦᠭᠡ᠃ ᠣᠶᠢᠷ᠎ᠠ ᠳᠤ᠂ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ︽ᠦᠨᠡᠨᠴᠢ ᠢᠲᠡᠭᠡᠮᠵᠢ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠴᠡᠴᠡᠭ ᠤᠨ ᠦᠨᠦᠷ ᠢ ᠰᠤᠷᠭᠠᠭᠤᠯᠢ ᠶᠢᠨ ᠬᠦᠷᠢᠶᠡᠨ ᠳᠤ ᠬᠠᠩᠬᠢᠯᠤᠨ᠎ᠠ᠃
   ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠠᠢᠮᠠᠳᠤᠭᠠᠷ ᠣᠨ ᠤ ᠳᠥᠷᠪᠡᠳᠦᠭᠡᠷ ᠠᠩᠭᠢ ᠳᠤ᠂ ︽ᠦᠨᠡᠨᠴᠢ ᠢᠲᠡᠭᠡᠮᠵᠢᠲᠡᠢ ᠬᠥᠮᠥᠨ ᠪᠣᠯᠵᠤ᠂ ᠦᠨᠡᠨᠴᠢ ᠢᠲᠡᠭᠡᠮᠵᠢᠲᠡᠢ ᠶᠠᠪᠤᠳᠠᠯ ᠡᠷᠭᠢᠯᠡᠬᠦ︾ ᠭᠤᠣᠯ ᠰᠡᠳᠦᠪᠲᠦ ᠠᠩᠭᠢ ᠶᠢᠨ ᠬᠤᠷᠠᠯ ᠢ ᠶᠠᠭ ᠥᠷᠨᠢᠭᠦᠯᠵᠦ ᠪᠠᠶᠢᠨ᠎ᠠ᠂ ᠪᠠᠭᠰᠢ ᠠᠴᠠ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠪᠠᠰᠠ ᠬᠠᠮᠲᠤ ᠰᠤᠷᠤᠭᠴᠢᠳ ᠲᠠᠢ ᠪᠠᠨ ᠥᠪᠡᠷ ᠤᠨ ᠳᠡᠷᠭᠡᠳᠡᠬᠢ ᠦᠨᠡᠨᠴᠢ ᠢᠲᠡᠭᠡᠮᠵᠢ ᠶᠢᠨ ᠥᠯᠢᠭᠡᠷ ᠢᠶᠠᠨ ᠬᠠᠷᠢᠯᠴᠠᠨ ᠬᠤᠪᠢᠶᠠᠯᠴᠠᠵᠤ᠂ ᠰᠤᠷᠤᠭᠴᠢᠳ ᠤᠨ ᠥᠪᠡᠷ ᠢ ᠪᠠᠨ ᠬᠥᠮᠥᠵᠢᠭᠦᠯᠬᠦ ᠶᠢ ᠬᠥᠲᠥᠯᠥᠨ ᠵᠢᠯᠤᠭᠤᠳᠴᠤ᠂ ᠰᠤᠷᠤᠯᠴᠠᠬᠤ ᠳᠤᠮᠳᠠ ᠪᠠᠨ ᠬᠢᠵᠦ᠂ ᠬᠢᠬᠦ ᠲᠤᠮᠳᠠ ᠰᠤᠷᠤᠯᠴᠠᠵᠤ᠂ ᠪᠠᠭ᠎ᠠ ᠶᠠᠪᠤᠳᠠᠯ ᠤᠨ ᠳᠤᠮᠳᠠ ᠦᠨᠡᠨᠴᠢ ᠢᠲᠡᠭᠡᠮᠵᠢ ᠶᠢ ᠡᠷᠬᠢᠮᠯᠡᠨ᠂ ᠨᠠᠷᠢᠨ ᠵᠦᠢᠯᠡᠰ ᠤᠨ ᠳᠤᠮᠳᠠ ᠬᠥᠮᠥᠨ ᠴᠢᠨᠠᠷ ᠢᠶᠠᠨ ᠢᠯᠡᠷᠡᠭᠦᠯᠦᠨ᠎ᠡ᠃ ᠲᠡᠳᠡᠨ ᠤ ᠬᠤᠶᠢᠰᠢᠳᠠ ᠶᠢᠨ ᠰᠤᠷᠤᠯᠴᠠᠯᠭ᠎ᠠ᠂ ᠠᠵᠢᠯ᠂ ᠠᠮᠢᠳᠤᠷᠠᠯ ᠤᠨ ᠳᠤᠮᠳᠠ ᠪᠠᠨ ᠴᠥᠮ ᠦᠨᠡᠨᠴᠢ ᠢᠲᠡᠭᠡᠮᠵᠢᠲᠡᠢ ᠬᠥᠮᠥᠨ ᠪᠣᠯᠬᠤ ᠶᠢ ᠵᠤᠷᠢᠭᠵᠢᠭᠤᠯᠤᠨ᠎ᠠ᠃      ︽ᠲᠤᠰ ᠤᠳᠠᠭ᠎ᠠ ᠶᠢᠨ ᠠᠩᠭᠢ ᠶᠢᠨ ᠬᠤᠷᠠᠯ ᠢᠶᠠᠷ ᠲᠠᠮᠵᠢᠨ᠂ ᠦᠨᠡᠨᠴᠢ ᠢᠲᠡᠭᠡᠮᠵᠢᠲᠡᠢ ᠪᠠᠶᠢᠬᠤ ᠪᠣᠯ ᠮᠠᠨ ᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠪᠠᠰᠠ ᠴᠤ ᠮᠠᠨ ᠤ ᠤᠳᠤ ᠦᠶ᠎ᠡ ᠶᠢᠨ ᠰᠤᠷᠤᠭᠴᠢᠳ ᠤᠨ ᠡᠷᠬᠡᠪᠰᠢ ᠪᠦᠷᠢᠯᠳᠦᠭᠦᠯᠬᠦ ᠰᠠᠶᠢᠨ ᠰᠠᠶᠢᠬᠠᠨ ᠵᠠᠩ ᠴᠢᠨᠠᠷ ᠮᠥᠨ ᠭᠡᠳᠡᠭ ᠢ ᠮᠡᠳᠡᠵᠡᠢ᠃ ᠮᠢᠨᠤ ᠦᠵᠡᠬᠦ ᠪᠠᠷ ᠦᠨᠡᠨᠴᠢ ᠢᠲᠡᠭᠡᠮᠵᠢ ᠭᠠᠵᠠᠷ ᠪᠣᠯᠭᠠᠨ ᠳᠤ ᠪᠠᠶᠢᠳᠠᠭ᠂ ᠡᠶᠢᠮᠦ ᠠᠴᠠ ᠪᠢᠳᠡ ᠶᠠᠮᠠᠷᠪᠠ ᠶᠠᠪᠤᠳᠠᠯ ᠢ ᠬᠢᠭᠰᠡᠨ ᠴᠦ ᠴᠥᠮ ᠦᠨᠡᠨᠴᠢ ᠢᠲᠡᠭᠡᠮᠵᠢ ᠶᠢ ᠡᠷᠬᠢᠮᠯᠡᠬᠦ ᠬᠡᠷᠡᠭᠲᠡᠢ᠂ ᠰᠣᠷᠣᠭᠴᠢ ᠪᠣᠯᠤᠭᠰᠠᠨ ᠤ ᠬᠤᠪᠢ ᠳᠤ᠂ ᠪᠢᠳᠡ ᠰᠤᠷᠤᠯᠴᠠᠯᠭ᠎ᠠ ᠶᠢᠨ ᠳᠤᠮᠳᠠ ᠪᠠᠨ ᠯᠠᠪᠳᠠᠭᠤᠨ ᠪᠠᠲᠤᠲᠠᠢ᠂ ᠠᠯᠬᠤᠮ ᠠᠯᠬᠤᠮ ᠢᠶᠠᠷ ᠴᠢᠷᠮᠠᠶᠢᠨ ᠰᠤᠷᠤᠯᠴᠠᠵᠤ᠂ ᠠᠮᠢᠳᠤᠷᠠᠯ ᠤᠨ ᠳᠤᠮᠳᠠ ᠪᠠᠨ ᠬᠡᠯᠡᠭᠰᠡᠨ ᠳᠡᠭᠡᠨ ᠰᠠᠭᠤᠵᠦ᠂ ᠦᠨᠡᠨᠴᠢ ᠪᠠᠷ ᠬᠥᠮᠥᠨ ᠳᠤ ᠬᠠᠨᠳᠤᠳᠠᠭ᠂ ᠠᠮᠢᠳᠤᠷᠠᠯ ᠳᠤ ᠬᠠᠶᠢᠷᠠᠲᠠᠢ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠳᠠᠭ ᠰᠠᠶᠢᠨ ᠪᠠᠭᠠᠴᠤᠳ ᠪᠣᠯᠬᠤ ᠬᠡᠷᠡᠭᠲᠡᠢ︾ ᠭᠡᠵᠦ ᠬᠠᠨ ᠽᠢ ᠢ ᠬᠡᠯᠡᠵᠡᠢ᠃
   ᠲᠦᠴᠢᠦᠸᠠᠨ ᠰᠢᠶᠠᠨ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠰᠤᠷᠭᠠᠭᠤᠯᠢ ᠶᠢᠨ ᠡᠳᠦᠷ ᠳᠤᠳᠤᠮ ᠤᠨ ᠬᠠᠮᠢᠶᠠᠷᠤᠯᠲᠠ ᠶᠢᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠪᠠ᠃ ᠶᠠᠷᠢᠶ᠎ᠠ ᠢᠯᠡᠳᠬᠡᠯ᠂ ᠭᠤᠣᠯ ᠰᠡᠳᠦᠪᠲᠦ ᠠᠩᠭᠢ ᠶᠢᠨ ᠬᠤᠷᠠᠯ᠂ ᠵᠣᠬᠢᠶᠠᠯ ᠡᠯᠰᠡᠬᠦ᠂ ᠬᠠᠭᠤᠯᠤᠮᠠᠯ ᠰᠣᠨᠢᠨ᠂ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ᠂ ᠸᠢᠴᠠᠲ᠂ ᠪᠢᠴᠢᠯ ᠺᠢᠨᠣ᠋ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠰᠣᠶᠣᠯ ᠤᠨ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠨᠡᠨᠴᠢ ᠢᠲᠡᠭᠡᠮᠵᠢ ᠶᠢᠨ ᠰᠣᠶᠣᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠪᠠᠰᠠ ᠨᠡᠶᠢᠭᠡᠮ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠠᠪᠴᠠᠩ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡ ᠶᠢ ᠥᠷᠨᠢᠭᠦᠯᠵᠦ᠂ ᠠᠪᠤ ᠡᠵᠢ ᠪᠠᠨ ᠬᠠᠪᠰᠤᠷᠤᠨ ᠨᠢᠭᠡ ᠤᠳᠠᠭᠠᠨ ᠤ ᠭᠡᠷ ᠤᠨ ᠠᠵᠢᠯ ᠬᠥᠳᠡᠯᠮᠦᠷᠢ ᠬᠢᠬᠦ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠬᠢᠵᠦ᠂ ᠰᠤᠷᠤᠭᠴᠢᠳ ᠲᠤ ᠦᠨᠡᠨᠴᠢ ᠢᠲᠡᠭᠡᠮᠵᠢ ᠶᠢᠨ ᠨᠢᠭᠡ ᠬᠥᠮᠥᠨ ᠤ ᠦᠰᠦᠨ ᠪᠤᠶᠢᠵᠢᠯᠲᠠ ᠳᠤ ᠦᠵᠡᠭᠦᠯᠬᠦ ᠴᠢᠬᠤᠯᠠ ᠴᠢᠨᠠᠷ ᠢ ᠮᠡᠳᠡᠷᠡᠭᠦᠯᠪᠡ᠃    ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠪᠠᠭᠰᠢ ᠰᠤᠷᠤᠭᠴᠢᠳ ᠢ ᠦᠨᠡᠨᠴᠢ ᠢᠲᠡᠭᠡᠮᠵᠢᠲᠡᠢ᠂ ᠪᠣᠯᠪᠠᠰᠤᠨ ᠢ ᠰᠠᠬᠢᠬᠤ ᠦᠶᠯᠡ ᠠᠵᠢᠯᠯᠠᠭᠠᠨ ᠤ ᠳᠠᠳᠬᠠᠯ ᠲᠠᠢ ᠪᠣᠯᠭᠠᠵᠤ᠂ ᠮᠡᠳᠡᠬᠦᠢ ᠬᠢᠬᠦᠢ ᠶᠢᠨ ᠨᠢᠭᠡᠳᠦᠯ ᠢ ᠠᠬᠢᠭᠤᠯᠤᠨ᠂ ᠡᠷᠡᠭᠦᠯ ᠡᠩᠬᠡ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠶᠢᠨ ᠲᠦᠯᠦᠭᠡ᠃ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠪᠠᠰᠠ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠬᠠᠮᠲᠤ ᠰᠤᠷᠤᠭᠴᠢᠳ ᠪᠣᠯᠣᠨ ᠪᠠᠭᠰᠢ ᠨᠠᠷ ᠠᠳᠠᠯᠢ ᠪᠤᠰᠤ ᠲᠠᠯ᠎ᠠ ᠠᠴᠠ ᠦᠨᠡᠨᠴᠢ ᠢᠲᠡᠭᠡᠮᠵᠢ᠂ ᠪᠣᠯᠪᠠᠰᠤᠨ᠂ ᠶᠣᠰᠣᠯᠠᠯ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠵᠦ᠂ ᠦᠨᠡᠨᠴᠢ ᠢᠲᠡᠭᠡᠮᠵᠢᠲᠡᠢ᠂ ᠨᠥᠬᠦᠷᠰᠡᠭ ᠨᠠᠶᠢᠷᠰᠠᠭ᠂ ᠪᠣᠯᠪᠠᠰᠤᠨ ᠵᠡᠷᠭᠡ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠣᠶᠢᠯᠠᠭᠠᠭᠰᠠᠨ ᠪᠠᠶᠢᠨ᠎ᠠ᠃
   ︽ᠲᠣᠰ ᠤᠳᠠᠭᠠᠨ ᠤ ᠶᠠᠷᠢᠶ᠎ᠠ ᠢᠯᠡᠳᠬᠡᠯ ᠤᠨ ᠠᠵᠢᠯᠯᠠᠭ᠎ᠠ ᠪᠠᠷ ᠳᠡᠮᠵᠢᠨ᠂ ᠪᠢ ᠦᠨᠡᠨᠴᠢ ᠢᠲᠡᠭᠡᠮᠵᠢᠲᠡᠢ ᠪᠠᠶᠢᠬᠤ ᠶᠢᠨ ᠴᠢᠬᠤᠯᠠ ᠴᠢᠨᠠᠷ ᠢ ᠭᠦᠢᠴᠡᠳ ᠲᠠᠨᠢᠭᠰᠠᠨ ᠶᠤᠮ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠪᠣᠯᠤᠭᠰᠠᠨ ᠤ ᠬᠤᠪᠢ ᠳᠤ᠂ ᠪᠢᠳᠡ ᠪᠠᠭ᠎ᠠ ᠶᠠᠪᠤᠳᠠᠯ ᠠᠴᠠ ᠡᠬᠢᠯᠡᠨ ᠬᠢᠵᠦ᠂ ᠦᠨᠡᠨᠴᠢ ᠢᠲᠡᠭᠡᠮᠵᠢᠲᠡᠢ ᠪᠠᠶᠢᠬᠤ ᠪᠠᠷ ᠦᠨᠳᠦᠰᠦ ᠪᠣᠯᠭᠠᠵᠤ᠂ ᠦᠨᠡᠨᠴᠢ ᠢᠲᠡᠭᠡᠮᠵᠢᠲᠡᠢ ᠪᠠᠶᠢᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠰᠤᠷᠤᠯᠭ᠎ᠠ ᠪᠠ ᠠᠮᠢᠳᠤᠷᠠᠯ ᠤᠨ ᠳᠤᠮᠳᠠ ᠥᠪᠡᠷ ᠢ ᠪᠠᠨ ᠴᠢᠷᠮᠠᠶᠢᠨ ᠳᠡᠭᠡᠭᠰᠢᠯᠡᠭᠦᠯᠵᠦ᠂ ᠥᠪᠡᠷ ᠢ ᠪᠠᠨ ᠲᠡᠭᠦᠯᠳᠡᠷᠵᠢᠭᠦᠯᠦᠨ᠂ ᠦᠨᠡᠨᠴᠢ ᠢᠲᠡᠭᠡᠮᠵᠢᠲᠡᠢ ᠰᠠᠶᠢᠨ ᠰᠣᠷᠣᠭᠴᠢ ᠪᠣᠯᠬᠤ ᠪᠠᠷ ᠴᠢᠷᠮᠠᠶᠢᠪᠠᠯ ᠵᠣᠬᠢᠨ᠎ᠠ︕︾ ᠭᠡᠵᠦ ᠰᠤᠷᠤᠭᠴᠢ ᠢᠦᠢ ᠱᠢ ᠰᠢᠤᠸᠠᠨ ᠬᠡᠯᠡᠪᠡ᠃    ︽ᠦᠨᠡᠨᠴᠢ ᠢᠲᠡᠭᠡᠮᠵᠢᠲᠡᠢ ᠪᠠᠶᠢᠬᠤ ᠪᠣᠯ ᠳᠠᠷᠤᠢ ᠦᠨᠡᠨᠴᠢ ᠰᠢᠳᠤᠷᠭᠤ᠂ ᠢᠲᠡᠭᠡᠯ ᠲᠠᠢ ᠪᠠᠶᠢᠬᠤ ᠶᠠᠪᠤᠳᠠᠯ ᠮᠥᠨ ᠂ ᠨᠢᠭᠡ ᠬᠥᠮᠥᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ ᠲᠡᠷᠡ ᠨᠢ ᠨᠡᠶᠢᠭᠡᠮ ᠤᠨ ᠪᠣᠯᠪᠠᠰᠤᠨ᠂ ᠤᠯᠤᠰ ᠤᠨ ᠬᠥᠭᠵᠢᠯ ᠮᠠᠨᠳᠤᠯ ᠢ ᠠᠬᠢᠭᠤᠯᠵᠤ ᠴᠢᠳᠠᠨ᠎ᠠ︾ ᠦᠨᠡᠨᠴᠢ ᠢᠲᠡᠭᠡᠮᠵᠢᠲᠡᠢ ᠪᠠᠶᠢᠬᠤ ᠪᠣᠯ ᠨᠡᠩ ᠴᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠨᠢᠭᠡᠨ ᠦᠷᠳᠡᠭ ᠤᠨ ᠪᠠᠷᠢᠮᠵᠢᠶ᠎ᠠ ᠮᠥᠨ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠃ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠦᠨᠡᠨᠴᠢ ᠢᠲᠡᠭᠡᠮᠵᠢ ᠪᠠᠨ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠨᠡᠪᠴᠢᠭᠦᠯᠦᠨ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠰᠤᠷᠤᠭᠴᠢᠳ ᠤᠨ ᠦᠶᠯᠡ ᠠᠵᠢᠯᠯᠠᠭᠠᠨ ᠤ ᠳᠠᠳᠬᠠᠯ ᠢ ᠬᠥᠮᠥᠵᠢᠭᠦᠯᠦᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠸᠠᠩ ᠵᠧ ᠬᠡᠯᠡᠵᠡᠢ᠃
   ᠲᠦᠴᠢᠦᠸᠠᠨ ᠰᠢᠶᠠᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠵᠤ᠂ ᠪᠠᠭᠰᠢ ᠶᠢᠨ ᠶᠣᠰᠣ ᠰᠤᠷᠲᠠᠬᠤᠨ ᠪᠣᠯᠣᠨ ᠰᠤᠷᠤᠯᠭ᠎ᠠ ᠶᠢᠨ ᠪᠠᠶᠢᠳᠠᠯ ᠢ ᠡᠳᠦᠷ ᠲᠤᠳᠤᠮ ᠤᠨ ᠬᠢᠨᠠᠨ ᠰᠢᠯᠭᠠᠯᠲᠠ ᠳᠤ ᠣᠷᠣᠭᠤᠯᠵᠤ᠂ ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠠᠶᠢᠷᠢ ᠲᠣᠭᠲᠠᠭᠠᠯᠲᠠ ᠣᠨᠣᠪᠴᠢᠲᠠᠢ᠂ ᠵᠠᠩ ᠰᠤᠷᠲᠠᠯ ᠥᠨᠳᠥᠷ᠂ ᠴᠢᠳᠠᠪᠤᠷᠢ ᠴᠢᠩᠭ᠎ᠠ ᠪᠠᠭᠰᠢ ᠶᠢᠨ ᠡᠩᠨᠡᠭᠡ ᠶᠢ ᠱᠤᠭᠤᠵᠤ᠂ ᠢᠳᠡᠪᠬᠢ ᠬᠦᠴᠦᠨ ᠢ ᠳᠠᠮᠵᠢᠭᠤᠯᠵᠤ᠂ ᠥᠷᠭᠡᠨ ᠤᠯᠠᠨ ᠪᠠᠭᠰᠢ ᠶᠢᠨ ᠪᠢᠴᠢᠭ ᠵᠢᠭᠠᠵᠤ ᠬᠥᠮᠥᠨ ᠢ ᠬᠥᠮᠥᠵᠢᠭᠦᠯᠬᠦ᠂ ᠠᠷᠢᠭᠤᠨ ᠴᠢᠬᠡᠴᠢ ᠪᠠᠷ ᠪᠠᠭᠰᠢᠯᠠᠬᠤ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠵᠤ᠂ ᠰᠤᠷᠤᠭᠴᠢ ᠶᠢᠨ ᠬᠡᠪ ᠳᠠᠭᠤᠷᠢᠶᠠᠯ᠂ ᠨᠡᠶᠢᠭᠡᠮ ᠤᠨ ᠬᠡᠪ ᠳᠠᠭᠤᠷᠢᠶᠠᠯ  ᠪᠤᠯᠤᠨ᠎ᠠ᠃      ︽ᠶᠡᠷᠦ ᠠᠴᠠ ᠪᠠᠨ᠂ ᠮᠠᠨ ᠤ ᠰᠤᠷᠭᠠᠭᠤᠯᠢ ᠴᠥᠮ ᠦᠨᠡᠨᠴᠢ ᠢᠲᠡᠭᠡᠮᠵᠢ ᠶᠢᠨ ᠬᠥᠮᠦᠵᠢᠯ ᠢ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠦᠨᠡᠨᠴᠢ ᠢᠲᠡᠭᠡᠮᠵᠢ ᠶᠢᠨ ᠬᠥᠮᠦᠵᠢᠯ ᠤᠨ ᠪᠠᠶᠠᠯᠢᠭ ᠰᠠᠶᠢᠬᠠᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠰᠤᠷᠤᠭᠴᠢᠳ ᠢ ᠵᠢᠯᠣᠭᠤᠳᠤᠨ ᠰᠤᠷᠤᠯᠴᠠᠯᠭ᠎ᠠ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢ ᠶᠢ ᠤᠬᠠᠭᠤᠯᠵᠤ᠂ ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢ ᠶᠢ ᠥᠪᠡᠷ ᠤᠨ ᠦᠢᠯᠡ ᠠᠵᠢᠯᠯᠠᠭᠠᠨ ᠤ ᠵᠢᠷᠤᠮᠵᠢᠯ ᠪᠠ ᠶᠣᠰᠣ ᠮᠣᠷᠠᠯ ᠤᠨ ᠪᠣᠯᠪᠠᠰᠤᠷᠠᠯ ᠢᠶᠠᠷ ᠦᠵᠡᠵᠦ᠂ ᠦᠨᠡᠨᠴᠢ ᠢᠲᠡᠭᠡᠮᠵᠢ ᠶᠢ ᠣᠳᠣ ᠦᠶ᠎ᠡ ᠶᠢᠨ ᠰᠤᠷᠤᠭᠴᠢᠳ ᠤᠨ ᠡᠷᠡᠭᠦᠯ ᠴᠢᠭᠢᠷᠠᠭ ᠵᠠᠩ ᠠᠷᠠᠨᠰᠢᠨ ᠢ ᠪᠤᠶ ᠪᠣᠯᠭᠠᠬᠤ᠂ ᠠᠮᠢᠳᠤᠷᠠᠬᠤᠢ ᠶᠢᠨ ᠥᠷᠲᠡᠭ ᠢ ᠪᠡᠶᠡᠯᠡᠭᠦᠯᠬᠦ ᠶᠢᠨ ᠶᠣᠰᠣ ᠮᠣᠷᠠᠯ ᠤᠨ ᠰᠠᠭᠤᠷᠢ ᠪᠣᠯᠭᠠᠳᠠᠭ︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠼᠤᠤ ᠶᠠᠩ ᠬᠡᠯᠡᠪᠡ᠃    ᠦᠨᠡᠨᠴᠢ ᠢᠲᠡᠭᠡᠮᠵᠢ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠵᠠᠯᠠᠭᠤᠴᠤᠳ ᠪᠠᠭᠠᠴᠤᠳ ᠤᠨ ᠦᠶᠯᠡ ᠠᠵᠢᠯᠯᠠᠭ᠎ᠠ ᠶᠢᠨ ᠳᠦᠷᠢ ᠲᠥᠷᠬᠦ ᠶᠢ ᠵᠢᠷᠤᠮᠵᠢᠭᠤᠯᠵᠤ᠂ ᠡᠷᠡᠭᠦᠯ ᠥᠭᠡᠳᠡᠷᠬᠡᠭ᠂ ᠶᠣᠰᠣᠷᠬᠠᠭ ᠢᠲᠡᠭᠡᠮᠵᠢᠲᠡᠢ ᠰᠤᠷᠭᠠᠭᠤᠯᠢ ᠶᠢᠨ ᠬᠦᠷᠢᠶᠡᠨ ᠤ ᠪᠣᠯᠪᠠᠰᠤᠨ ᠰᠤᠷᠲᠠᠯ ᠢ ᠪᠣᠶ ᠪᠣᠯᠭᠠᠵᠤ᠂ ᠰᠤᠷᠭᠠᠭᠤᠯᠢ ᠶᠢᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠳᠤ ᠬᠦᠴᠦᠲᠡᠢ ᠠᠬᠢᠭᠤᠯᠬᠤ ᠦᠢᠯᠡᠳᠦᠯ ᠦᠵᠡᠭᠦᠯᠵᠦ᠂ ᠦᠨᠡᠨᠴᠢ ᠢᠲᠡᠭᠡᠮᠵᠢ ᠶᠢᠨ ᠴᠡᠴᠡᠭ ᠢ ᠨᠠᠩ ᠴᠤ ᠰᠤᠷᠭᠠᠭᠤᠯᠢ ᠶᠢᠨ ᠬᠦᠷᠢᠶᠡᠨ ᠳᠤ ᠳᠡᠯᠭᠡᠷᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠠᠩᠬᠢᠯᠤᠮ᠎ᠠ ᠦᠨᠦᠷ ᠬᠠᠩᠬᠤᠯᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号