4 ᠰᠠᠷ᠎ᠠ ᠶᠢᠨ 10 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ | ᠬᠤᠷᠠᠯ ᠢ ᠡᠷᠬᠢᠯᠡᠪᠡ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ᠂ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠵᠢᠴᠢ ᠬᠠᠮᠢᠶ᠎ᠠ ᠪᠦᠬᠦᠢ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠵᠡᠷᠭᠡ | ᠠᠶᠤᠯᠭᠦᠢ ᠦᠢᠯᠡᠳᠪᠦᠷᠢᠯᠡᠯ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠵᠠᠢ᠃ | ᠰᠦᠨ ᠱᠣᠣ ᠴᠧᠩ ᠨᠥᠬᠦᠷ ᠤᠨ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠪᠦᠬᠦ ᠣᠷᠣᠨ ᠤ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠶᠢ | ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 | ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ | ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ | ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ | ᠵᠣᠴᠢᠯᠠᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠢᠭᠤᠴᠠ ᠨᠣᠮᠧᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠢᠭᠤᠴᠠ ᠶᠢ ᠬᠠᠮᠠᠭᠠᠯᠠᠬᠤ ᠬᠠᠤᠯᠢ︾ ︽ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠵᠡᠷᠭᠡ | ᠠᠭᠤᠯᠭ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | | |