ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ | ᠲᠤᠷᠰᠢᠯᠲᠠ ᠶᠢᠨ ᠠᠵᠢᠯ ᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ 4 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ᠂ ᠬᠥᠬᠡᠬᠤᠲᠠ᠂ ᠪᠤᠭᠤᠲᠤ ᠬᠤᠲᠠ᠂ ᠦᠬᠠᠢ ᠬᠤᠲᠠ᠂ ᠤᠯᠠᠭᠠᠨᠴᠠᠪ ᠬᠤᠲᠠ ᠬᠢᠭᠡᠳ | ᠬᠢᠩᠭᠠᠨ ᠠᠶᠢᠮᠠᠭ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ | ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢᠨ ᠠᠵᠢᠯ ᠢ 1 ᠵᠢᠯ ᠤᠨ | ᠬᠤᠭᠤᠴᠠᠭ᠎ᠠ ᠲᠠᠢ ᠥᠷᠨᠢᠭᠦᠯᠦᠨ᠎ᠡ᠃ | ︽ᠬᠡᠷᠡᠭᠵᠢᠭᠦᠯᠬᠦ ᠲᠥᠰᠥᠯ︾ ᠳᠤ ᠲᠣᠳᠣᠷᠬᠠᠶᠢᠯᠠᠭᠰᠠᠨ ᠨᠢ᠂ ᠲᠤᠷᠰᠢᠯᠲᠠ ᠶᠢᠨ ᠭᠠᠵᠠᠷ ᠣᠷᠣᠨ ᠳᠤ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠪᠥᠭᠡᠳ ᠨᠢᠭᠡᠨᠲᠡ ᠠᠵᠢᠯ ᠠᠴᠠ ᠪᠣᠯᠤᠭᠰᠠᠨ | ᠭᠡᠮᠲᠦᠯ ᠢ ᠦᠨᠡᠮᠰᠢᠬᠦ᠂ ᠠᠵᠢᠯ ᠠᠴᠠ ᠪᠣᠯᠤᠭᠰᠠᠨ ᠭᠡᠮᠲᠦᠯ ᠳᠠᠬᠢᠭᠰᠠᠨ ᠢ ᠨᠤᠲᠠᠯᠠᠬᠤ᠂ ᠠᠵᠢᠯ ᠠᠴᠠ ᠪᠣᠯᠤᠭᠰᠠᠨ | ᠭᠡᠮᠲᠦᠯ ᠡᠷᠡᠭᠦᠯᠵᠢᠭᠰᠡᠨ ᠢ ᠨᠤᠲᠠᠯᠠᠬᠤ ᠪᠤᠶᠤ ᠲᠤᠰᠠᠯᠠᠬᠤ ᠪᠠᠭᠠᠵᠢ ᠶᠢᠨ ᠲᠣᠬᠢᠷᠠᠭᠤᠯᠤᠯᠲᠠ ᠶᠢ ᠨᠤᠲᠠᠯᠠᠬᠤ ᠠᠵᠢᠯ ᠢ | ᠪᠡᠶᠡᠯᠡᠭᠦᠯᠦᠭᠰᠡᠨ ᠤᠷᠲᠤ ᠬᠤᠭᠤᠴᠠᠭ᠎ᠠ ᠪᠠᠷ ᠣᠨᠳᠣᠣ ᠭᠠᠵᠠᠷ ᠲᠤ ᠰᠠᠭᠤᠭᠰᠠᠨ᠂ ᠣᠨᠳᠣᠣ ᠭᠠᠵᠠᠷ ᠲᠤ ᠪᠠᠶᠢᠩᠭᠤ | ᠰᠠᠭᠤᠵᠤ ᠠᠵᠢᠯᠯᠠᠭᠰᠠᠨ ᠪᠠ ᠣᠨᠳᠣᠣ ᠭᠠᠵᠠᠷ ᠲᠤ ᠡᠮᠴᠢᠯᠡᠭᠡ ᠪᠤᠶᠤ ᠡᠮᠨᠡᠯᠭᠡ ᠰᠢᠯᠵᠢᠭᠰᠡᠨ ᠠᠵᠢᠯ ᠠᠴᠠ ᠪᠣᠯᠵᠤ | ᠭᠡᠮᠲᠦᠭᠰᠡᠨ ᠠᠵᠢᠯᠲᠠᠨ ᠠᠵᠢᠯᠴᠢᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ ᠨᠡᠶᠢᠭᠡᠮ ᠤᠨ ᠪᠠᠲᠤᠯᠠᠭ᠎ᠠ ᠶᠢᠨ | ᠡᠯᠧᠺᠲᠷᠤᠨ ᠺᠠᠷᠲ ᠲᠠᠢ ᠪᠠᠶᠢᠪᠠᠯ᠂ ᠭᠠᠳᠠᠷ ᠮᠤᠵᠢ ᠳᠤ ᠪᠠᠶᠢᠭ᠎ᠠ ᠲᠤᠷᠰᠢᠯᠲᠠ ᠶᠢᠨ ᠬᠡᠯᠡᠯᠴᠡᠭᠡᠷᠲᠦ ᠪᠠᠶᠢᠭᠤᠯᠤᠮᠵᠢ ᠳᠤ | ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠵᠦ ᠡᠮᠨᠡᠯᠭᠡ ᠳᠤ ᠰᠠᠭᠤᠭᠰᠠᠨ ᠠᠵᠢᠯ ᠠᠴᠠ ᠪᠣᠯᠤᠭᠰᠠᠨ | ᠭᠡᠮᠲᠦᠯ ᠤᠨ ᠡᠮᠴᠢᠯᠡᠭᠡᠨ ᠤ ᠵᠠᠷᠤᠳᠠᠯ᠂ ᠡᠷᠡᠭᠦᠯᠵᠢᠯ ᠤᠨ ᠵᠠᠷᠤᠳᠠᠯ ᠪᠠ ᠲᠤᠰᠠᠯᠠᠬᠤ ᠪᠠᠭᠠᠵᠢ ᠶᠢᠨ | ᠲᠣᠬᠢᠷᠠᠭᠤᠯᠤᠯᠲᠠ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠵᠤ ᠪᠣᠯᠣᠨ᠎ᠠ᠃ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ | ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶ᠎ᠠ᠂ ᠦᠬᠠᠢ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ᠂ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠢᠩᠭᠠᠨ ᠠᠶᠢᠮᠠᠭ ᠤᠨ | ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠦᠢᠯᠡᠴᠢᠯᠡᠭᠡ ᠬᠠᠩᠭᠠᠨ᠎ᠠ ︔ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠡᠷᠡᠭᠦᠯᠵᠢᠯ ᠤᠨ | ᠦᠢᠯᠡᠴᠢᠯᠡᠭᠡ ᠬᠠᠩᠭᠠᠨ᠎ᠠ ︔ ᠥᠪᠥᠷ ᠮᠣᠩᠭᠤᠯ ᠤᠨ ᠳ᠋ᠧ ᠮᠧᠩ ᠡᠷᠡᠭᠦᠯᠵᠢᠯ ᠤᠨ ᠲᠤᠰᠠᠯᠠᠬᠤ ᠪᠠᠭᠠᠵᠢ ᠶᠢᠨ | ᠮᠡᠷᠭᠡᠵᠢᠯ ᠤᠨ ᠬᠢᠵᠠᠭᠠᠷᠲᠤ ᠺᠣᠮᠫᠠᠨᠢ ᠲᠤᠰᠠᠯᠠᠬᠤ ᠪᠠᠭᠠᠵᠢ ᠶᠢᠨ ᠦᠢᠯᠡᠴᠢᠯᠡᠭᠡ ᠬᠠᠩᠭᠠᠨ᠎ᠠ᠃ | ᠲᠤᠷᠰᠢᠯᠲᠠ ᠶᠢᠨ ᠠᠶᠢᠮᠠᠭ ᠬᠤᠲᠠ ᠶᠢᠨ ᠠᠵᠢᠯ ᠠᠴᠠ ᠪᠣᠯᠵᠤ ᠭᠡᠮᠲᠦᠭᠰᠡᠳ ᠣᠨᠳᠣᠣ ᠭᠠᠵᠠᠷ ᠲᠤ | ᠡᠮᠴᠢᠯᠡᠭᠦᠯᠬᠦ ᠠᠴᠠ ᠡᠮᠦᠨ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ 12333 APP᠂ ᠨᠡᠶᠢᠭᠡᠮ ᠤᠨ ᠪᠠᠲᠤᠯᠠᠭ᠎ᠠ ᠶᠢᠨ ᠡᠯᠧᠺᠲᠷᠤᠨ ᠺᠠᠷᠲ ᠪᠤᠶᠤ | ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠴᠣᠩᠬᠤᠪᠴᠢ ᠪᠠᠷ | ᠠᠵᠢᠯ ᠠᠴᠠ ᠪᠣᠯᠤᠭᠰᠠᠨ ᠭᠡᠮᠲᠦᠯ ᠢ ᠣᠨᠳᠣᠣ ᠭᠠᠵᠠᠷ ᠲᠤ ᠡᠮᠴᠢᠯᠡᠭᠦᠯᠦᠭᠰᠡᠨ ᠢ ᠰᠢᠭᠤᠳ ᠳ᠋ᠦᠩᠨᠡᠨ ᠪᠣᠳᠣᠬᠤ ᠶᠢ | ᠳᠠᠩᠰᠠᠯᠠᠭᠤᠯᠬᠤ ᠪᠠᠷ ᠭᠤᠶᠤᠴᠢᠯᠠᠵᠤ ᠪᠣᠯᠣᠨ᠎ᠠ᠃ ᠣᠨᠳᠣᠣ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠵᠤ | ᠠᠵᠢᠯᠯᠠᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠳᠠᠩᠰᠠᠯᠠᠭᠤᠯᠤᠯᠲᠠ ᠨᠢ 1 ᠵᠢᠯ ᠤᠨ | ᠬᠦᠴᠦᠨ ᠲᠠᠢ ︔ ᠮᠤᠵᠢ ᠠᠯᠤᠰᠯᠠᠨ ᠡᠮᠨᠡᠯᠭᠡ ᠰᠢᠯᠵᠢᠭᠰᠡᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ | ᠠᠵᠢᠯᠴᠢᠨ ᠤ ᠳᠠᠩᠰᠠᠯᠠᠭᠤᠯᠤᠯᠲᠠ ᠨᠢ 3 ᠰᠠᠷ᠎ᠠ ᠶᠢᠨ ᠬᠦᠴᠦᠨ ᠲᠠᠢ᠃ ᠡᠮᠬᠢ ᠵᠢᠷᠤᠮ ᠲᠠᠢ ᠪᠠᠷ ᠡᠮᠴᠢᠯᠡᠭᠦᠯᠬᠦ | ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ | ᠡᠪᠡᠳᠴᠢᠨ ᠦᠵᠡᠭᠦᠯᠬᠦ ᠶᠢ ᠬᠡᠳᠦ ᠳᠠᠬᠢᠨ ᠬᠤᠪᠢᠷᠠᠭᠤᠯᠬᠤ ᠪᠤᠶᠤ ᠴᠤᠴᠠᠯᠠᠬᠤ ᠶᠢ ᠰᠡᠷᠭᠡᠶᠢᠯᠡᠨ᠂ | ᠳᠠᠩᠰᠠᠯᠠᠭᠤᠯᠬᠤ ᠪᠠᠨ ᠬᠤᠪᠢᠷᠠᠭᠤᠯᠬᠤ ᠪᠤᠶᠤ ᠴᠤᠴᠠᠯᠠᠬᠤ ᠴᠠᠭ ᠤᠨ ᠬᠢᠵᠠᠭᠠᠷ ᠨᠢ ᠵᠠᠷᠴᠢᠮ ᠳᠡᠭᠡᠷ᠎ᠡ ᠪᠠᠨ 6 ᠰᠠᠷ᠎ᠠ | ᠭᠡᠪᠡ᠃ ᠡᠭᠦᠨ ᠠᠴᠠ ᠭᠠᠳᠠᠨ᠎ᠠ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤᠯᠤᠰ ᠤᠨ | ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ 12333 | APP᠂ ᠨᠡᠶᠢᠭᠡᠮ ᠤᠨ ᠪᠠᠲᠤᠯᠠᠭ᠎ᠠ ᠶᠢᠨ ᠡᠯᠧᠺᠲᠷᠤᠨ ᠺᠠᠷᠲ ᠵᠡᠷᠭᠡ ᠪᠠᠷ᠂ ᠭᠠᠳᠠᠷ ᠮᠤᠵᠢ ᠶᠢᠨ ᠲᠤᠷᠰᠢᠯᠲᠠ ᠶᠢᠨ | ᠬᠤᠲᠠ ᠪᠠ ᠲᠤᠷᠰᠢᠯᠲᠠ ᠶᠢᠨ ᠬᠡᠯᠡᠯᠴᠡᠭᠡᠷᠲᠦ ᠡᠮᠴᠢᠯᠡᠭᠡ᠂ ᠡᠷᠡᠭᠦᠯᠵᠢᠯ᠂ ᠲᠤᠰᠠᠯᠠᠬᠤ ᠪᠠᠭᠠᠵᠢ ᠲᠣᠬᠢᠷᠠᠭᠤᠯᠬᠤ | ᠪᠠᠶᠢᠭᠤᠯᠤᠮᠵᠢ ᠶᠢᠨ ᠨᠡᠷᠡᠰ ᠢ ᠪᠠᠶᠢᠴᠠᠭᠠᠨ ᠯᠠᠪᠯᠠᠵᠤ ᠪᠣᠯᠣᠨ᠎ᠠ᠃ |