4 ᠳ᠋ᠦ᠋ᠭᠡᠷ ᠰᠠᠷ᠎ᠠ ᠶᠢᠨ 11 ᠤ ᠡᠳᠦᠷ᠂ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ᠂ ᠬᠥᠮᠦᠵᠢᠯ ᠦᠢᠯᠡᠳᠦᠯᠭᠡ ᠶᠢᠨ ᠰᠠᠭᠤᠷᠢᠨ ᠤ | ᠪᠦᠲᠦᠭᠡᠨ ᠪᠠᠶᠢᠭᠤᠯᠤᠯᠲᠠ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠦ︾ | ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠠᠢ᠃ | ᠬᠦᠦᠳᠠᠭᠤᠯᠠ ᠬᠡᠯᠡᠬᠦ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠣᠨᠣᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ | ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠤᠳᠤᠯᠭᠠᠨ ᠤ | ᠰᠠᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠂ ᠬᠥᠮᠦᠵᠢᠯ ᠦᠢᠯᠡᠳᠦᠯᠭᠡ ᠶᠢᠨ ᠰᠠᠭᠤᠷᠢᠨ ᠢ ᠰᠠᠶᠢᠲᠤᠷ ᠪᠠᠶᠢᠭᠤᠯᠵᠤ ᠬᠠᠮᠢᠶᠠᠷᠴᠤ ᠬᠡᠷᠡᠭᠯᠡᠵᠦ᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ︾ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠬᠦ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠪᠠᠷ ᠠᠵᠢᠯ ᠤᠨ ᠭᠤᠣᠯ ᠱᠤᠭᠤᠮ ᠪᠣᠯᠭᠠᠨ᠂ ᠡᠮᠦᠨ᠎ᠡ ᠨᠢ | ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠤ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ |