ᠤᠷᠢᠬᠠᠨ ᠬᠠᠪᠤᠷ ᠤᠨ ᠤᠯᠠᠷᠢᠯ ᠳᠤ ᠨᠡᠭᠦᠳᠡᠯ ᠤᠨ ᠰᠢᠪᠠᠭᠤ ᠤᠮᠠᠷᠠᠰᠢ ᠪᠠᠨ ᠪᠤᠴᠠᠨ᠎ᠠ
ᠨᠡᠶᠢᠲᠡᠯᠡᠭᠰᠡᠨ ᠴᠠᠭ᠄
2024/4/13
   ᠤᠷᠢᠬᠠᠨ ᠬᠠᠪᠤᠷ ᠪᠤᠯᠵᠦ ᠲᠦᠮᠡᠨ ᠪᠣᠳᠠᠰ ᠠᠮᠢᠯᠠᠨ᠎ᠠ᠃ ᠣᠶᠢᠷ᠎ᠠ ᠳᠤ᠂ ᠠᠭᠠᠷ ᠤᠨ ᠳᠤᠯᠠᠭᠠᠨ ᠲᠡᠭᠡᠭᠰᠢᠯᠡᠬᠦ ᠶᠢ ᠳᠠᠭᠠᠯᠳᠤᠨ᠂ ᠮᠥᠰᠥ ᠴᠠᠰᠤ ᠠᠭᠠᠵᠢᠮ ᠢᠶᠠᠷ ᠬᠠᠶᠢᠯᠵᠤ᠂ ᠲᠦᠴᠢᠦᠸᠠᠨ ᠰᠢᠶᠠᠨ ᠳᠤ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠢᠷᠡᠵᠦ᠂ ᠬᠠᠮᠲᠤ ᠪᠠᠷ ᠬᠠᠪᠤᠷ ᠤᠨ ᠪᠣᠯᠵᠣᠭᠠᠨ ᠪᠤᠯᠤᠨ᠎ᠠ᠃
   ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠬᠣ᠋ ᠨᠠᠭᠤᠷ ᠲᠤ ᠬᠡᠳᠦᠨ ᠮᠢᠩᠭᠠᠨ ᠬᠤᠨ ᠭᠠᠯᠠᠭᠤ᠂ ᠴᠠᠭᠠᠨ ᠳᠡᠭᠡᠯᠡᠢ᠂ ᠰᠢᠷ᠎ᠠ ᠨᠤᠭᠤᠰᠤ ᠨᠠᠭᠤᠷ ᠲᠤ ᠲᠤᠭᠲᠠᠨ  ᠢᠳᠡᠰᠢ ᠡᠷᠢᠨ᠎ᠡ᠃ ᠲᠠᠳᠠ ᠵᠠᠷᠢᠮ ᠳᠠᠭᠠᠨ ᠤᠰᠤᠨ ᠤ ᠭᠠᠳᠠᠷᠭᠤ ᠳᠤ ᠨᠠᠭᠠᠳᠴᠤ ᠵᠠᠷᠢᠮ ᠳᠠᠭᠠᠨ ᠵᠢᠭᠦᠷ ᠢᠶᠠᠨ ᠳᠡᠯᠭᠡᠨ ᠨᠢᠰᠴᠦ᠂ ᠶᠠᠭ ᠯᠠ ᠬᠥᠳᠡᠯᠦᠯ ᠪᠠᠶᠢᠳᠠᠯ ᠨᠢ ᠲᠣᠬᠢᠷᠠᠮᠵᠢᠲᠠᠢ᠂ ᠬᠥᠮᠥᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠳᠠᠭ ᠭᠤᠶᠣ ᠰᠠᠶᠢᠬᠠᠨ ᠵᠢᠷᠤᠭ ᠰᠢᠭ᠋ ᠪᠠᠶᠢᠳᠠᠭ᠃
   ᠲᠦᠴᠢᠦᠸᠠᠨ ᠰᠢᠶᠠᠨ ᠳᠤ ᠡᠯᠪᠡᠭ ᠳᠡᠯᠪᠡᠭ ᠭᠤᠣᠯ ᠮᠥᠷᠡᠨ ᠨᠠᠭᠤᠷ ᠴᠥᠭᠦᠷᠥᠮ ᠤᠨ ᠡᠬᠢ ᠪᠠᠶᠠᠯᠢᠭ ᠲᠠᠢ ᠪᠠᠶᠢᠵᠤ᠂ ᠨᠡᠭᠦᠳᠡᠯ ᠤᠨ ᠰᠢᠪᠠᠭᠤ ᠳᠤ ᠭᠦᠢᠴᠡᠳ ᠬᠡᠮᠵᠢᠶᠡᠨ ᠤ ᠢᠳᠡᠰᠢ ᠪᠠ ᠠᠮᠤᠷ ᠲᠦᠪᠰᠢᠨ ᠣᠷᠴᠢᠨ ᠲᠣᠭᠤᠷᠢᠨ ᠢ ᠬᠠᠩᠭᠠᠵᠤ᠂ ᠨᠡᠭᠦᠳᠡᠯ ᠤᠨ ᠰᠢᠪᠠᠭᠤᠨ ᠤ ᠡᠮᠦᠨᠡᠰᠢ ᠤᠮᠠᠷᠠᠰᠢ ᠨᠡᠭᠦᠳᠡᠯᠯᠡᠬᠦ ᠵᠠᠮ ᠳᠡᠭᠡᠷᠡᠬᠢ ᠴᠢᠬᠤᠯᠠ ᠨᠢᠭᠡ ᠥᠷᠲᠡᠭᠡ ᠪᠣᠯᠣᠨ᠎ᠠ᠃ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤᠳ ᠲᠦᠴᠢᠦᠸᠠᠨ ᠰᠢᠶᠠᠨ ᠳᠤ ᠰᠠᠭᠤᠷᠢᠰᠢᠬᠤ ᠶᠢ ᠰᠣᠩᠭᠤᠭᠰᠠᠨ ᠨᠢ ᠲᠦᠴᠢᠦᠸᠠᠨ ᠰᠢᠶᠠᠨ ᠤ ᠤᠯᠠᠨ ᠵᠢᠯ ᠤᠨ ᠲᠤᠷᠰᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠭᠰᠠᠨ ᠤ ᠬᠠᠮᠤᠭ ᠤᠨ ᠰᠠᠶᠢᠨ ᠭᠡᠷᠡᠴᠢ ᠪᠣᠯᠣᠨ᠎ᠠ᠃
   ︽ᠣᠶᠢᠷ᠎ᠠ ᠶᠢᠨ ᠬᠡᠳᠦᠨ ᠵᠢᠯ ᠳᠤ ᠠᠮᠢ ᠠᠬᠤᠢ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠲᠤᠭ᠎ᠠ ᠤᠯᠠᠮ ᠢᠶᠠᠷ ᠨᠡᠮᠡᠭᠳᠡᠵᠦ᠂ ᠣᠳᠣᠬᠠᠨ ᠳᠤ 40 ᠭᠠᠷᠤᠢ ᠵᠦᠢᠯ ᠤᠨ ᠤᠯᠤᠰ ᠤᠨ ᠳᠡᠰ ᠤᠨ ᠬᠠᠮᠠᠭᠠᠯᠠᠯᠲᠠ ᠳᠤ ᠪᠠᠶᠢᠭ᠎ᠠ ᠨᠡᠭᠦᠳᠡᠯ ᠤᠨ ᠰᠢᠪᠠᠭᠤ ᠬᠢᠯᠢ ᠳᠠᠪᠠᠵᠤ ᠨᠡᠭᠦᠳᠡᠯᠯᠡᠵᠦ᠂ ᠲᠤᠭ᠎ᠠ ᠬᠡᠮᠵᠢᠶ᠎ᠡ ᠨᠢ ᠲᠦᠮᠡ ᠭᠠᠷᠤᠢ ᠪᠣᠯᠵᠤ ᠪᠠᠶᠢᠨ᠎ᠠ︾ ᠭᠡᠵᠦ ᠲᠦᠴᠢᠦᠸᠠᠨ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠮᠢᠳᠠᠨ ᠤ ᠬᠠᠮᠠᠭᠠᠯᠠᠯᠲᠠ ᠶᠢᠨ ᠦᠷᠳᠡᠭᠡ ᠶᠢᠨ ᠬᠠᠷᠢᠭᠤᠴᠠᠯᠭᠠᠲᠠᠨ ᠵᠧᠦ ᠶᠠ ᠫᠢᠩ ᠲᠠᠨᠢᠯᠴᠠᠭᠤᠯᠤᠨ ᠬᠡᠯᠡᠪᠡ᠃
   ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ᠂ ᠣᠷᠣᠰᠢᠨ ᠠᠮᠢᠳᠤᠷᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠷᠴᠢᠨ ᠲᠤᠭᠤᠷᠢᠨ ᠢᠳᠡᠭᠡᠨ ᠡᠮ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠲᠣᠰ ᠭᠠᠵᠠᠷ ᠤᠨ ᠨᠡᠭᠦᠳᠡᠯ ᠤᠨ ᠰᠢᠪᠠᠭᠤ ᠶᠢᠨ ᠭᠤᠣᠯ ᠪᠣᠯᠬᠤ ᠨᠡᠭᠦᠳᠡᠯ ᠤᠨ ᠵᠠᠮ᠂ ᠴᠤᠭᠯᠠᠷᠠᠯ ᠤᠨ ᠠᠵᠢᠯᠯᠠᠭᠠᠨ ᠤ ᠲᠣᠭᠤᠷᠢᠭ ᠲᠤ ᠪᠠᠶᠢᠩᠭᠤ ᠶᠢᠨ ᠴᠢᠨᠠᠷᠲᠠᠢ ᠲᠣᠭᠤᠷᠢᠨ ᠬᠠᠮᠠᠭᠠᠯᠠᠯᠲᠠ ᠬᠢᠪᠡ᠃ ᠡᠭᠦᠨ ᠤ ᠬᠠᠮᠲᠤ ᠪᠠᠰᠠ ᠬᠠᠷᠢᠶ᠎ᠠ ᠣᠷᠣᠨ ᠳᠠᠭᠠᠨ ᠬᠠᠮᠠᠭᠠᠯᠠᠯᠲᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
   ︽ᠨᠡᠭᠦᠳᠡᠯ ᠤᠨ ᠰᠢᠪᠠᠭᠤᠳ ᠤᠨ ᠪᠤᠴᠠᠵᠤ ᠢᠷᠡᠬᠦ ᠶᠢ ᠳᠠᠭᠠᠯᠳᠤᠨ᠂ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠷᠠᠳ ᠤᠨ ᠴᠠᠭᠳᠠᠭ᠎ᠠ ᠨᠠᠷ ᠡᠳᠦᠷ ᠪᠦᠷᠢ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ᠢᠶᠠᠷ ᠲᠣᠭᠤᠷᠢᠨ ᠴᠠᠭᠳᠠᠬᠤ ᠶᠢᠨ ᠬᠠᠮᠲᠤ ᠰᠡᠷᠡᠮᠵᠢᠯᠡᠭᠦᠯᠬᠦ ᠫᠠᠶᠢᠰᠠ ᠪᠣᠰᠬᠠᠵᠤ᠂ ᠡᠷᠭᠢᠨ ᠲᠣᠭᠤᠷᠢᠨ ᠤ ᠲᠣᠰᠬᠤᠨ ᠤ ᠠᠷᠠᠳ ᠲᠤ ᠬᠢᠬᠦ ᠤᠬᠠᠭᠤᠯᠭ᠎ᠠ ᠪᠠᠨ ᠴᠢᠩᠭᠠᠳᠬᠠᠵᠤ᠂ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠳᠡᠯᠯᠡᠬᠦ ᠪᠠ ᠲᠤᠬᠠᠢ ᠶᠢᠨ ᠭᠠᠵᠠᠷ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ  ᠪᠠᠳᠤᠯᠠᠨ᠎ᠠ︾ ᠭᠡᠵᠦ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠷᠴᠢᠨ ᠲᠤᠭᠤᠷᠢᠨ ᠢᠳᠡᠭᠡᠨ ᠡᠮ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠸᠠᠩ ᠯᠢᠶᠠᠨ ᠰᠦᠸᠧ ᠬᠡᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号