ᠨᠠᠰᠤᠲᠠᠶᠢᠴᠤᠳ ᠪᠤᠯᠤᠨ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠥᠮᠥᠰ ᠵᠡᠷᠭᠡ ᠪᠦᠯᠬᠦᠮ | ᠨᠡᠶᠢᠳᠡ ᠶᠢᠨ ᠣᠯᠠᠨ ᠶᠠᠩᠵᠤ ᠶᠢᠨ ᠲᠣᠭᠠᠴᠠᠭ᠎ᠠ ᠬᠢᠬᠦ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ | ᠬᠠᠩᠭᠠᠬᠤ ᠶᠢᠨ ᠲᠦᠯᠦᠭᠡ᠂ 4 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠬᠢᠩᠭᠠᠨ ᠠᠶᠢᠮᠠᠭ ᠲᠠᠬᠢ ᠬᠤᠪᠢᠶᠠᠷᠢ ᠪᠠᠩᠬᠢ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠰᠢᠤᠳᠠᠨ ᠤ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠢᠩᠭᠠᠨ ᠠᠶᠢᠮᠠᠭ ᠲᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ | ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠩᠭᠠᠨ | ᠠᠶᠢᠮᠠᠭ ᠲᠠᠬᠢ ᠬᠤᠪᠢᠶᠠᠷᠢ ᠪᠠᠩᠬᠢ ᠠᠴᠠ ᠲᠠᠭᠠᠭᠠᠴᠢᠯᠡᠨ ᠡᠷᠭᠢᠯᠡᠭᠰᠡᠨ ︽ᠪᠡᠯᠡᠨ ᠵᠣᠭᠤᠰ ᠢᠶᠠᠷ ᠲᠣᠭᠠᠴᠠᠭ᠎ᠠ ᠬᠢᠬᠦ | ᠣᠷᠴᠢᠨ ᠨᠥᠬᠦᠴᠡᠯ ᠢ ᠰᠢᠯᠢᠳᠡᠭᠵᠢᠭᠦᠯᠵᠦ ᠪᠡᠯᠡᠨ ᠵᠣᠭᠤᠰ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ | ︾ ᠬᠢᠩᠭᠠᠨ ᠠᠶᠢᠮᠠᠭ ᠤᠨ ᠵᠢᠵᠢᠭᠯᠡᠨ ᠬᠤᠳᠠᠯᠳᠤᠬᠤ ᠵᠢᠴᠢ ᠲᠦᠷᠢᠶᠡᠰᠦᠨ ᠮᠠᠰᠢᠨ ᠤ ᠠᠵᠢᠯ ᠲᠥᠷᠥᠯ ᠤᠨ ︽ᠰᠤᠯᠠ | ᠵᠣᠭᠤᠰ︾ ᠲᠠᠷᠬᠠᠭᠠᠬᠤ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠶᠢᠨ ᠬᠤᠲᠠ ᠶᠢᠨ ᠵᠠᠰᠠᠭ ᠤᠨ ᠤᠷᠳᠤᠨ ᠤ | ᠠᠭᠤᠳᠠᠮ ᠲᠠᠯᠠᠪᠠᠶ ᠳᠤ ᠶᠠᠪᠤᠭᠳᠠᠪᠠ᠃ ᠠᠶᠢᠮᠠᠭ ᠬᠤᠳᠠ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠨ ᠨᠠᠷ ᠵᠢᠴᠢ ᠪᠦᠬᠦ ᠠᠶᠢᠮᠠᠭ ᠤᠨ 17 ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠤᠳᠤᠷᠢᠳᠤᠯᠭ᠎ᠠ ᠨᠠᠷ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ | ᠲᠠᠬᠢ ᠬᠤᠪᠢᠶᠠᠷᠢ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠢ᠃ | ᠡᠭᠦᠨ ᠤ ᠳᠠᠷᠠᠭ᠎ᠠ᠂ ᠡᠯ᠎ᠡ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠠᠴᠠ ᠲᠤᠬᠠᠢ ᠶᠢᠨ ᠲᠠᠯᠠᠪᠠᠶ ᠶᠢᠨ 25 | ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ︽ᠰᠤᠯᠠ ᠵᠣᠭᠤᠰ︾ ᠶᠢ ᠲᠦᠭᠡᠭᠡᠨ ᠦᠭᠴᠠᠢ᠃ ︽ᠰᠤᠯᠠ | ᠵᠤᠭᠤᠰ︾ ᠳᠤ ᠨᠡᠶᠢᠲᠡ 100 ᠲᠥᠭᠦᠷᠢᠭ᠂ 200 ᠲᠥᠭᠦᠷᠢᠭ᠂ 300 ᠲᠥᠭᠦᠷᠢᠭ᠂ 500 ᠲᠥᠭᠦᠷᠢᠭ ᠵᠡᠷᠭᠡ | ᠳᠥᠷᠪᠡᠨ ᠵᠦᠢᠯ ᠤᠨ ᠪᠠᠷᠢᠮᠵᠢᠶ᠎ᠠ ᠶᠢ ᠲᠣᠭᠲᠠᠭᠠᠵᠤ᠂ ᠵᠣᠬᠢᠬᠤ ᠲᠣᠭᠠᠨ ᠤ 1 ᠲᠥᠭᠦᠷᠢᠭ᠂ 5 ᠲᠥᠭᠦᠷᠢᠭ᠂ 10 | ᠲᠥᠭᠦᠷᠢᠭ ᠪᠠ 20 ᠲᠥᠭᠦᠷᠢᠭ ᠤᠨ ᠴᠠᠭᠠᠰᠤᠨ ᠵᠣᠭᠤᠰ ᠢᠶᠠᠷ ᠪᠦᠷᠢᠯᠳᠦᠭᠰᠡᠨ ᠪᠣᠯᠬᠤᠷ ᠵᠢᠯᠣᠭᠤᠴᠢ ᠬᠡᠷᠡᠭᠴᠡᠭᠡ ᠪᠠᠨ | ᠦᠨᠳᠦᠰᠦᠯᠡᠨ ᠥᠪᠡᠰᠦᠪᠡᠨ ᠰᠣᠩᠭᠤᠵᠤ᠂ ᠡᠳᠦᠷ ᠲᠤᠲᠤᠮ ᠤᠨ ᠠᠵᠢᠯ ᠤᠨ ᠳᠤᠮᠳᠠᠬᠢ ︽ᠰᠤᠯᠠ ᠵᠣᠭᠤᠰ ᠢ | ᠡᠷᠢᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠵᠠᠢ᠃ |