ᠯᠢᠦ ᠬᠣ᠋ ᠪᠠᠯᠭᠠᠰᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠪᠣᠯᠪᠠᠰᠤᠷᠠᠯ ᠤᠨ ᠠᠩᠭᠢ ᠡᠷᠭᠢᠯᠡᠵᠦ ᠠᠷᠠᠳ ᠢ ᠪᠠᠶᠠᠵᠢᠭᠤᠯᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/15
   ᠬᠢᠲᠠᠳ ᠡᠮ ᠤᠨ ᠮᠠᠲ᠋ᠧᠷᠢᠶᠠᠯ ᠤᠨ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ᠂ ᠣᠯᠠᠨ ᠲᠦᠮᠡᠨ ᠤ ᠬᠢᠲᠠᠳ ᠡᠮ ᠤᠨ ᠮᠠᠲ᠋ᠧᠷᠢᠶᠠᠯ ᠳᠠᠷᠢᠬᠤ ᠮᠡᠷᠭᠡᠵᠢᠯ ᠢ ᠳᠡᠭᠡᠭᠰᠢᠯᠡᠭᠦᠯᠵᠦ᠂ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠲᠦᠴᠢᠦᠸᠠᠨ ᠰᠢᠶᠠᠨ ᠤ ᠬᠢᠲᠠᠳ ᠡᠪᠡᠰᠦᠨ ᠡᠮ ᠤᠨ ᠠᠵᠤ ᠦᠢᠯᠡᠰ ᠢ ᠴᠢᠨᠠᠷ ᠰᠠᠶᠢᠲᠠᠢ ᠠᠬᠢᠭᠤᠯᠬᠤ ᠪᠣᠯᠪᠠᠰᠤᠷᠠᠯ ᠤᠨ ᠠᠩᠭᠢ ᠯᠢᠦ ᠬᠣ᠋ ᠪᠠᠯᠭᠠᠰᠤᠨ ᠳᠤ ᠶᠠᠪᠤᠭᠳᠠᠪᠠ᠃ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠲᠠᠷᠢᠵᠦ ᠲᠡᠵᠢᠭᠡᠬᠦ ᠲᠤᠰᠬᠠᠢ ᠵᠥᠪᠯᠡᠯ ᠤᠨ ᠲᠤᠰᠬᠠᠢ ᠮᠡᠷᠭᠡᠵᠢᠯᠲᠡᠨ ᠸᠠᠩ ᠸᠧᠨ ᠴᠢᠤᠸᠠᠨ ᠫᠷᠤᠹᠧᠰᠰᠤᠷ ᠢ ᠣᠨᠴᠠᠭᠠᠶᠢᠯᠠᠨ ᠤᠷᠢᠵᠤ ᠤᠯᠠᠨ ᠳᠤ ᠲᠠᠶᠢᠯᠤᠮᠵᠢ ᠬᠢᠯᠭᠡᠵᠦ᠂ ᠯᠢᠦ ᠬᠣ᠋ ᠪᠠᠯᠭᠠᠰᠤ ᠶᠢᠨ ᠡᠯ᠎ᠡ ᠲᠣᠰᠬᠤᠨ ᠤ ᠨᠡᠶᠢᠳᠡ 40 ᠭᠠᠷᠤᠢ ᠲᠠᠷᠢᠮᠠᠯ ᠤᠨ ᠲᠣᠮᠣ ᠡᠷᠦᠬᠡ ᠪᠣᠯᠪᠠᠰᠤᠷᠠᠯ ᠳᠤ ᠣᠷᠣᠯᠴᠠᠵᠠᠢ᠃
   ᠲᠣᠰ ᠤᠳᠠᠭᠠᠨ ᠤ ᠪᠤᠯᠪᠠᠰᠤᠷᠠᠯ ᠳᠤ ᠭᠤᠣᠯᠳᠠᠭᠤ ᠣᠨᠣᠯ ᠤᠨ ᠲᠠᠶᠢᠯᠤᠮᠵᠢ᠂ ᠦᠢᠯᠡᠳᠦᠯᠴᠡᠨ ᠰᠣᠯᠢᠯᠴᠠᠬᠤ᠂ ᠬᠡᠷᠡᠭ ᠤᠨ ᠵᠢᠱᠢᠶ᠎ᠡ ᠶᠢ ᠵᠠᠳᠠᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠮ ᠤᠨ ᠬᠡᠷᠡᠭᠯᠡᠭᠡᠨ ᠤ ᠦᠨ᠎ᠡ ᠥᠷᠲᠡᠭ᠂ ᠵᠠᠬ᠎ᠠ ᠳᠡᠯᠭᠡᠭᠦᠷ ᠤᠨ ᠬᠡᠷᠡᠭᠴᠡᠭᠡ᠂ ᠲᠥᠷᠥᠯ ᠵᠦᠢᠯ᠂ ᠥᠰᠦᠯᠲᠡ ᠶᠢᠨ ᠣᠷᠴᠢᠨ ᠲᠣᠭᠤᠷᠢᠨ᠂ ᠲᠠᠷᠢᠮᠠᠯ ᠵᠢᠴᠢ ᠬᠠᠮᠢᠶᠠᠷᠤᠯᠲᠠ ᠶᠢᠨ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠳᠤ ᠨᠠᠷᠢᠨ ᠲᠠᠶᠢᠯᠪᠤᠷᠢᠯᠠᠯᠲᠠ ᠬᠢᠵᠦ᠂ ᠣᠯᠠᠨ ᠲᠦᠮᠡᠨ ᠪᠠᠰᠠ ᠲᠤᠬᠠᠢ ᠶᠢᠨ ᠲᠠᠯᠠᠪᠤᠷ ᠲᠤ ᠡᠮ ᠤᠨ ᠮᠠᠲ᠋ᠧᠷᠢᠶᠠᠯ ᠳᠠᠷᠢᠬᠤ ᠳᠤ ᠲᠤᠯᠭᠠᠷᠠᠭᠰᠠᠨ ᠠᠰᠠᠭᠤᠳᠠᠯ ᠢ ᠠᠰᠠᠭᠤᠨ ᠯᠠᠪᠯᠠᠭᠰᠠᠨ ᠳᠤ ᠸᠠᠩ ᠫᠷᠤᠹᠧᠰᠰᠤᠷ ᠨᠢᠭᠡᠳ ᠨᠢᠭᠡ ᠪᠠᠷ ᠭᠦᠨᠵᠡᠭᠡᠢ ᠬᠠᠷᠢᠭᠤᠯᠲᠠ ᠥᠭᠭᠦᠭᠰᠡᠨ ᠪᠠᠶᠢᠨ᠎ᠠ᠃
   ᠪᠤᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠤᠯᠪᠠᠰᠤᠷᠠᠯ ᠳᠤ ᠣᠷᠣᠯᠴᠠᠭᠰᠠᠨ ᠲᠠᠷᠢᠶᠠᠴᠢᠨ ᠡᠷᠦᠬᠡ ᠡᠮ ᠤᠨ ᠮᠠᠲ᠋ᠧᠷᠢᠶᠠᠯ ᠳᠠᠷᠢᠬᠤ ᠲᠠᠯ᠎ᠠ ᠪᠠᠷ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠤ᠂ ᠡᠮ ᠤᠨ ᠮᠠᠲ᠋ᠧᠷᠢᠶᠠᠯ ᠳᠠᠷᠢᠬᠤ ᠤᠷᠮ᠎ᠠ ᠪᠠᠬ᠎ᠠ ᠪᠠᠨ ᠨᠡᠮᠡᠭᠳᠡᠭᠦᠯᠪᠡ᠂ ᠲᠠᠳᠠ ᠲᠣᠰ ᠤᠳᠠᠭᠠᠨ ᠤ ᠪᠤᠯᠪᠠᠰᠤᠷᠠᠯ ᠢᠶᠠᠷ ᠲᠣᠬᠢᠶᠠᠯ ᠪᠣᠯᠭᠠᠨ᠂ ᠬᠢᠲᠠᠳ ᠡᠮ ᠤᠨ ᠮᠠᠲ᠋ᠧᠷᠢᠶᠠᠯ ᠳᠠᠷᠢᠬᠤ ᠮᠡᠷᠭᠡᠵᠢᠯ ᠢ ᠬᠢᠨᠠᠮᠠᠭᠠᠢ ᠰᠤᠷᠤᠯᠴᠠᠵᠤ᠂ ᠬᠢᠲᠠᠳ ᠡᠪᠡᠰᠦᠨ ᠡᠮ ᠳᠠᠷᠢᠬᠤ ᠳᠤ ᠨᠠᠩ ᠢᠲᠡᠭᠡᠯ ᠲᠠᠢ ᠪᠣᠯᠣᠨ᠎ᠠ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号