ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠳᠠᠯᠠᠳᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ‍ᠤᠨ‌ᠬᠤᠷᠡᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
  4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠠᠯᠠᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠰᠢᠶᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠣᠬᠢᠷᠠᠭᠤᠯᠤᠯᠲᠠ︾ ︽ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠶᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠭᠤᠯᠭ᠎ᠠ ᠮᠥᠨ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠶᠢᠨ ᠭᠠᠷᠳᠠᠴᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃    ᠬᠤᠷᠠᠯ ᠠᠴᠠ ᠴᠢᠩᠭᠠᠳᠬᠠᠭᠰᠠᠨ ᠨᠢ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ  ᠨᠢ ᠬᠦᠴᠦᠯᠡᠵᠦ᠂ ᠤᠨᠤᠯ ᠤᠨ ᠰᠤᠷᠤᠯᠴᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠰᠠᠶᠢᠲᠤᠷ ᠬᠢᠵᠦ᠂ ᠥᠨᠳᠥᠷ ᠲᠦᠪᠰᠢᠨ ᠢᠶᠠᠷ ᠠᠬᠢᠭᠤᠯᠬᠤ ᠶᠢ ᠪᠠᠲᠤᠯᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠷᠤᠭᠰᠢᠲᠠᠢ ᠥᠷᠨᠢᠬᠦ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃     ᠬᠤᠷᠠᠯ ᠠᠴᠠ ᠪᠠᠰᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠴᠢᠬᠤᠯᠠ ᠶᠡᠭᠡ ᠲᠦᠷᠦᠯ ᠵᠦᠢᠯ ᠤᠨ ᠠᠵᠢᠯ ᠢ ᠡᠬᠢᠯᠡᠭᠦᠯᠦᠨ ᠰᠡᠷᠭᠦᠭᠡᠬᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ  ᠂ ᠠᠮᠢ ᠠᠬᠤᠢ ᠶᠢᠨ ᠬᠠᠮᠠᠭᠠᠯᠠᠯᠲᠠ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号