ᠤᠭ ᠦᠨᠳᠦᠰᠦ ᠶᠢ ᠪᠠᠳᠤᠳᠬᠠᠨ ᠰᠦᠭ ᠰᠦᠨᠡᠰᠦ ᠶᠢ ᠰᠤᠭᠤᠵᠦ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/4/16
   ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠨᠠᠮ ᠤᠨ ᠲᠠᠭᠤᠨ ᠢ ᠤᠯᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠬᠤ ᠴᠢᠬᠤᠯᠠ ᠵᠢᠭᠰᠠᠭᠠᠯ ᠤᠨ ᠭᠠᠵᠠᠷ ᠮᠥᠨ᠃ ᠵᠠᠯᠠᠭᠤ ᠪᠠᠭ᠎ᠠ ᠰᠤᠷᠤᠭᠴᠢᠳ ᠤᠨ ᠦᠰᠦᠨ ᠪᠣᠶᠢᠵᠢᠬᠤ ᠶᠠᠪᠤᠴᠠ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠲᠡᠳᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠬᠠᠪᠰᠤᠷᠤᠮᠵᠢ ᠪᠣᠯᠬᠤ ᠪᠠᠷ ᠪᠠᠷᠠᠬᠤ ᠦᠭᠡᠢ᠂ ᠲᠡᠳᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠠᠩ ᠬᠥᠭᠵᠢᠭᠡᠵᠦ ᠴᠢᠳᠠᠬᠤ ᠶᠤᠮ᠃ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠢᠮᠠᠭᠲᠠ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠢᠳᠡᠪᠬᠢᠲᠡᠢ ᠲᠤᠤᠱᠯᠠᠭᠤᠯᠵᠤ᠂ ᠬᠥᠮᠥᠨ ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠠᠢ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠲᠠᠢ ᠴᠠᠭ ᠦᠶ᠎ᠡ ᠶᠢᠨ ᠰᠢᠨ᠎ᠡ ᠬᠥᠮᠥᠨ ᠢ ᠴᠢᠷᠮᠠᠶᠢᠨ ᠬᠥᠮᠥᠵᠢᠭᠦᠯᠵᠡᠢ᠃    ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠳᠤ ᠰᠤᠷᠪᠤᠯᠵᠢᠯᠠᠭᠴᠢ ᠰᠤᠷᠤᠭᠴᠢᠳ ᠤᠨ ᠸᠢᠳᠢᠤ᠋ ᠶᠢᠨ ᠬᠢᠴᠢᠶᠡᠯ ᠢ ᠦᠵᠡᠭᠡᠳ ᠳᠤᠭᠤᠶᠢᠯᠠᠩ ᠬᠤᠪᠢᠶᠠᠨ ᠶᠠᠷᠢᠯᠴᠠᠵᠤ᠂ ᠰᠠᠨᠠᠯ ᠢᠶᠠᠨ ᠰᠣᠯᠢᠯᠴᠠᠵᠤ᠂ ᠪᠠᠭᠰᠢ ᠶᠢᠨ ᠢᠶᠠᠨ ᠵᠢᠯᠣᠭᠤᠳᠤᠯᠭ᠎ᠠ ᠳᠣᠣᠷ᠎ᠠ ᠣᠯᠠᠨ ᠢᠶᠠᠷ ᠢᠶᠠᠨ ᠥᠪᠡᠷ ᠤᠨ ᠦᠵᠡᠯᠲᠡ ᠪᠠᠨ ᠢᠳᠡᠪᠬᠢᠲᠡᠢ ᠪᠠᠷ ᠢᠯᠡᠳᠬᠡᠵᠡᠢ᠃      ︽ᠥᠨᠥᠳᠥᠷ ᠪᠢ ᠠᠷᠠᠳ ᠢᠷᠭᠡᠳ ᠡᠷᠬᠡ ᠪᠠᠨ ᠬᠡᠷᠬᠢᠨ ᠬᠡᠷᠡᠭᠵᠢᠭᠦᠯᠬᠦ ᠲᠤᠬᠠᠢ ᠶᠠᠷᠢᠵᠤ ᠪᠠᠶᠢᠨ᠎ᠠ᠂ ᠵᠢᠭᠠᠨ ᠰᠤᠷᠭᠠᠬᠤ ᠶᠠᠪᠤᠴᠠ ᠳᠤ ᠪᠢ ᠢᠮᠠᠭᠲᠠ ᠬᠢᠴᠢᠶᠡᠯ ᠤᠨ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠰᠢᠨᠵᠢᠯᠡᠭᠡᠨ ᠤ ᠰᠠᠯᠠᠭ᠎ᠠ ᠶᠢᠨ ᠭᠤᠣᠯᠯᠠᠬᠤ ᠬᠡᠪ ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠵᠤ᠂ ᠣᠳᠣᠬᠠᠨ ᠤ ᠠᠮᠢᠳᠤ ᠴᠣᠪᠣᠭᠤᠯᠢᠭ ᠨᠡᠶᠢᠲᠡᠯᠢᠭ ᠬᠡᠷᠡᠭ ᠤᠨ ᠵᠢᠱᠢᠶ᠎ᠡ ᠶᠢ ᠳᠦᠷᠰᠦ ᠰᠢᠩᠭᠡᠭᠡᠯᠲᠡ ᠪᠠᠷ ᠨᠠᠷᠢᠨ ᠰᠣᠩᠭᠤᠵᠤ᠂ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠲᠤ ᠠᠭᠤᠰᠬᠠᠨ ᠣᠷᠣᠭᠤᠯᠵᠤ᠂ ᠵᠢᠭᠠᠭᠰᠠᠨ ᠬᠢᠴᠢᠶᠡᠯ ᠤᠨ ᠢᠶᠠᠨ ᠦᠵᠡᠯ ᠰᠠᠨᠠᠭᠠᠨ ᠤ ᠠᠭᠤᠯᠬᠤᠨ ᠢ ᠭᠦᠨᠵᠡᠭᠡᠢ ᠠᠭᠤᠳᠠᠯᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠭ᠎ᠠ ᠬᠢᠴᠢᠶᠡᠯ ᠤᠨ ᠲᠠᠩᠬᠢᠮ ᠢ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠲᠠᠢ ᠤᠶᠠᠯᠳᠤᠭᠤᠯᠤᠨ᠎ᠠ︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠼᠤᠤ ᠶᠠᠩ ᠬᠡᠯᠡᠪᠡ᠃    ᠰᠤᠷᠤᠭᠴᠢᠳ ᠤᠨ ᠪᠡᠶᠡᠴᠢ ᠴᠢᠳᠠᠮᠠᠭᠠᠢ ᠴᠢᠨᠠᠷ ᠢ ᠪᠠᠳᠠᠷᠠᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠠᠮᠢᠳᠤᠷᠠᠯ ᠤᠨ ᠳᠤᠮᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠨᠢᠮᠪᠠᠢ ᠰᠣᠩᠭᠤᠵᠤ᠂ ᠲᠡᠭᠦᠨ ᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠠᠭᠤᠰᠬᠠᠨ ᠣᠷᠣᠭᠤᠯᠵᠤ᠂ ᠡᠷᠳᠡᠮ ᠰᠢᠨᠵᠢᠯᠡᠭᠡᠨ ᠤ ᠠᠬᠤᠢ ᠪᠠᠶᠢᠳᠠᠯ ᠲᠠᠢ ᠤᠶᠠᠯᠳᠤᠭᠤᠯᠤᠨ᠂ ᠳᠤᠭᠤᠶᠢᠯᠠᠩ ᠤᠨ ᠬᠠᠮᠲᠤᠷᠠᠨ ᠰᠦᠪᠡᠭᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠮᠡᠳᠡᠯᠭᠡ ᠶᠢ ᠭᠦᠨᠵᠡᠭᠡᠢ ᠰᠤᠷᠤᠯᠴᠠᠵᠤ᠂ ᠰᠡᠳᠬᠢᠯ ᠵᠢᠷᠦᠬᠡᠨ ᠳᠡᠭᠡᠨ ᠰᠢᠩᠭᠡᠭᠡᠵᠦ᠂ ᠦᠶᠯᠡ ᠠᠵᠢᠯᠯᠠᠭ᠎ᠠ ᠳᠠᠭᠠᠨ ᠰᠢᠩᠭᠡᠭᠡᠵᠦ᠂ ᠲᠠᠨᠢᠯᠲᠠ ᠪᠠ ᠦᠶᠯᠡ ᠠᠵᠢᠯᠯᠠᠭ᠎ᠠ ᠪᠠᠨ ᠨᠢᠭᠡᠳᠬᠡᠬᠦ ᠶᠢ ᠪᠡᠶᠡᠯᠡᠭᠦᠯᠦᠨ᠎ᠡ᠃    ᠬᠠᠮᠤᠭ ᠤᠨ ᠰᠠᠶᠢᠨ ᠰᠤᠷᠭᠠᠨ ᠬᠥᠮᠦᠵᠢᠯ ᠪᠣᠯ ᠦᠢᠯᠡᠳᠦᠯᠭᠡ ᠮᠥᠨ᠂ ᠬᠠᠮᠤᠭ ᠤᠨ ᠠᠮᠢᠳᠤᠯᠢᠭ ᠬᠢᠴᠢᠶᠡᠯ ᠤᠨ ᠲᠠᠩᠬᠢᠮ ᠪᠣᠯ ᠵᠠᠮ ᠲᠡᠭᠡᠷ᠎ᠡ ᠪᠠᠶᠢᠳᠠᠭ᠃ ᠲᠦᠴᠢᠦᠸᠠᠨ ᠰᠢᠶᠠᠨ ᠤ ᠰᠠᠨ ᠵᠢᠶᠧ ᠪᠠᠭ᠎ᠠ ᠰᠤᠷᠭᠠᠭᠤᠯᠢ ᠶᠢᠨ ᠨᠡᠶᠢᠭᠡᠮ ᠤᠨ ᠪᠦᠯᠬᠦᠮ ᠤᠨ ᠬᠥᠳᠡᠯᠭᠡᠭᠡᠨ ᠤ ᠲᠠᠰᠤᠭ ᠲᠤ᠂ ᠨᠢᠭᠡ ᠲᠠᠯ᠎ᠠ ᠪᠠᠷ ᠰᠡᠳᠬᠢᠯ ᠬᠦᠳᠡᠯᠭᠡᠮ᠎ᠡ ᠬᠤᠪᠢᠰᠬᠠᠯᠳᠤ ᠳᠠᠭᠤᠤ ᠶᠢᠨ ᠨᠠᠶᠢᠷᠠᠯ ᠳᠠᠭᠤᠤ᠂ ᠨᠦᠬᠦᠭᠡ ᠲᠠᠯ᠎ᠠ ᠪᠠᠷ ᠬᠥᠮᠥᠰ ᠢ ᠨᠢᠯᠪᠤᠰᠤ ᠤᠨᠠᠭᠠᠮᠠᠷ ᠬᠤᠪᠢᠰᠬᠠᠯᠳᠤ ᠲᠠᠶᠢᠰᠠᠨ ᠤ ᠵᠦᠴᠦᠭᠡ ᠪᠠᠶᠢᠯ᠎ᠠ᠃ ᠰᠤᠷᠤᠭᠴᠢ ᠴᠧᠨ ᠢᠦᠢ ᠰᠢᠤᠸᠠᠨ᠄ ︽ᠪᠢ ᠡᠩ ᠤᠨ ᠦᠶ᠎ᠡ ᠳᠤ ᠰᠤᠷᠭᠠᠭᠤᠯᠢ ᠳᠠᠭᠠᠨ ᠮᠠᠰᠢ ᠤᠯᠠᠨ ᠨᠡᠶᠢᠭᠡᠮᠯᠢᠭ ᠤᠨ ᠬᠥᠳᠡᠯᠭᠡᠭᠡᠨ ᠳᠤ ᠣᠷᠣᠯᠴᠠᠳᠠᠭ᠂ ᠡᠳᠡᠭᠡᠷ ᠬᠥᠳᠡᠯᠭᠡᠭᠡᠨ ᠤ ᠳᠤᠮᠳᠠ ᠠᠴᠠ ᠪᠢ ᠮᠠᠰᠢ ᠤᠯᠠᠨ ᠮᠡᠳᠡᠯᠭᠡ ᠰᠤᠷᠴᠤ᠂ ᠮᠠᠰᠢ ᠤᠯᠠᠨ ᠬᠠᠪᠤ ᠴᠡᠩᠭᠡᠯ ᠢ ᠣᠯᠵᠤ ᠴᠢᠳᠠᠳᠠᠭ︾ ᠭᠡᠵᠦ ᠪᠠᠶᠠᠷ ᠬᠦᠷ ᠲᠠᠢ ᠪᠠᠷ ᠬᠡᠯᠡᠵᠦ ᠪᠠᠶᠢᠯ᠎ᠠ᠃ ᠪᠢ ᠥᠪᠡᠷ ᠢᠶᠠᠨ ᠳᠠᠭᠤᠤ ᠬᠥᠭᠵᠢᠮ ᠳᠤ ᠳᠤᠷᠠᠲᠠᠢ᠂ ᠤᠨᠴᠠᠭᠠᠶᠢᠯᠠᠨ ᠬᠤᠪᠢᠰᠬᠠᠯᠳᠤ ᠳᠠᠭᠤᠤ ᠳᠠᠭᠤᠯᠠᠬᠤ ᠳᠤᠷᠠᠲᠠᠢ᠂ ᠬᠤᠪᠢᠰᠬᠠᠯᠳᠤ ᠳᠠᠭᠤᠤ ᠳᠠᠭᠤᠯᠠᠬᠤ ᠪᠣᠯᠭᠠᠨ ᠮᠢᠨᠤ ᠰᠡᠳᠬᠢᠯ ᠳᠣᠭᠳᠣᠯᠵᠤ᠂ ᠪᠢᠳᠡᠨ ᠤ ᠥᠨᠥᠳᠥᠷ ᠤᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠮᠡᠳᠡᠷᠡᠵᠦ᠂ ᠬᠤᠵᠢᠮ ᠪᠢ ᠪᠠᠰᠠ ᠰᠠᠶᠢᠲᠤᠷ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠨ᠎ᠠ︾ ᠭᠡᠵᠦ ᠬᠡᠯᠡᠪᠡ᠃    ᠪᠠᠭᠠᠴᠤᠳ ᠤᠨ ᠴᠡᠷᠢᠭ ᠤᠨ ᠰᠤᠷᠭᠠᠭᠤᠯᠢ ᠪᠣᠯᠤᠭᠰᠠᠨ ᠤ ᠬᠤᠪᠢ ᠳᠤ᠂ ᠲᠦᠴᠢᠦᠸᠠᠨ ᠰᠢᠶᠠᠨ ᠤ ᠰᠠᠨ ᠵᠢᠶᠧ ᠪᠠᠭ᠎ᠠ ᠰᠤᠷᠭᠠᠭᠤᠯᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠤᠨᠤᠯ ᠤᠨ ᠨᠥᠯᠥᠭᠡ ᠶᠢ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠠᠴᠢᠶᠠᠯᠠᠪᠤᠷᠢ ᠶᠢ ᠥᠷᠭᠡᠳᠬᠡᠵᠦ᠂ ᠭᠤᠣᠯ ᠰᠡᠳᠦᠪ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠮᠠᠨ ᠤ ᠰᠤᠷᠭᠠᠭᠤᠯᠢ ᠵᠢᠯ ᠪᠦᠷᠢ ᠪᠠᠭ᠎ᠠ ᠵᠠᠭᠤᠨ ᠡᠷᠳᠡᠮᠲᠡᠨ ᠤ ᠶᠠᠷᠢᠶᠠᠨ ᠤ ᠲᠠᠪᠴᠠᠩ᠂ ᠬᠤᠪᠢᠰᠬᠠᠯ ᠤᠨ ᠬᠥᠮᠦᠵᠢᠯ ᠤᠨ ᠭᠤᠣᠯ ᠰᠡᠳᠦᠪᠲᠦ ᠠᠩᠭᠢ ᠶᠢᠨ ᠬᠤᠷᠠᠯ᠂ ᠰᠤᠷᠭᠠᠭᠤᠯᠢ ᠶᠢᠨ ᠬᠦᠷᠢᠶᠡᠨ ᠤ ᠳᠠᠭᠤᠷᠢᠶᠠᠮᠠᠯ ᠰᠢᠭᠦᠬᠦ ᠲᠢᠩᠬᠢᠮ᠂ ᠬᠤᠪᠢᠰᠬᠠᠯ ᠤᠨ ᠰᠠᠭᠤᠷᠢᠨ ᠭᠠᠵᠠᠷ ᠤᠨ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠳᠡᠭ᠃ ᠡᠭᠦᠨ ᠠᠴᠠ ᠭᠠᠳᠠᠨ᠎ᠠ᠂ ᠮᠠᠨ ᠤ ᠰᠤᠷᠭᠠᠭᠤᠯᠢ ᠪᠣᠯ ᠪᠠᠰᠠ ᠴᠤ ᠪᠠᠭᠠᠴᠤᠳ ᠤᠨ ᠴᠡᠷᠢᠭ ᠤᠨ ᠰᠤᠷᠭᠠᠭᠤᠯᠢ ᠮᠥᠨ ᠪᠣᠯᠬᠤᠷ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠡᠷᠢᠭ ᠤᠨ ᠰᠤᠷᠭᠠᠭᠤᠯᠢ ᠶᠢᠨ ᠠᠵᠢᠯᠯᠠᠭ᠎ᠠ ᠲᠠᠢ ᠠᠭᠤᠰᠬᠠᠨ ᠨᠡᠶᠢᠯᠡᠭᠦᠯᠵᠦ᠂ ᠴᠡᠷᠢᠭ ᠤᠨ ᠶᠠᠪᠤᠳᠠᠯ ᠤᠨ ᠠᠵᠢᠯᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢᠶᠠᠷ ᠳᠠᠮᠵᠢᠭᠤᠯᠤᠨ ᠬᠥᠮᠥᠨ ᠢ ᠬᠥᠮᠥᠵᠢᠭᠦᠯᠬᠦ ᠦᠷ᠎ᠡ ᠳ᠋ᠦᠩ ᠳᠤ ᠬᠦᠷᠭᠡᠵᠦ᠂ ᠢᠷᠡᠭᠡᠳᠦᠢ ᠳᠤ ᠰᠠᠨ ᠵᠢᠶᠧ ᠪᠠᠭ᠎ᠠ ᠰᠤᠷᠭᠠᠭᠤᠯᠢ ᠴᠤ ᠰᠤᠷᠭᠠᠨ ᠬᠥᠮᠦᠵᠢᠯ ᠤᠨ ᠬᠡᠯᠪᠡᠷᠢ ᠶᠢ ᠦᠷᠭᠦᠯᠵᠢᠯᠡᠨ ᠰᠢᠨᠡᠴᠢᠯᠡᠵᠦ᠂ ᠰᠤᠷᠭᠠᠭᠤᠯᠢ  ᠶᠢᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠪᠣᠯᠣᠨ᠎ᠠ︾ ᠭᠡᠵᠦ ᠲᠦᠴᠢᠦᠸᠠᠨ ᠰᠢᠶᠠᠨ ᠤ ᠰᠠᠨ ᠵᠢᠶᠧ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠰᠢᠦᠢ ᠯᠧᠢ ᠬᠡᠯᠡᠵᠡᠢ᠃    ᠪᠦᠬᠦ ᠰᠢᠶᠠᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠵᠢᠭᠠᠨ ᠰᠤᠷᠭᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠥᠨᠳᠡᠯᠡᠨ ᠢᠶᠠᠷ ᠨᠡᠪᠲᠡᠷᠡᠭᠦᠯᠬᠦ ᠪᠠ ᠭᠤᠯᠳᠤ ᠴᠢᠭᠯᠡᠯ ᠢᠶᠠᠷ ᠵᠣᠯᠭᠠᠭᠤᠯᠬᠤ ᠳᠤᠮᠳᠠᠬᠢ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠰᠢᠰᠲ᠋ᠧᠮ ᠲᠠᠢ ᠲᠥᠯᠦᠪᠵᠢᠭᠦᠯᠭᠡ ᠶᠢ  ᠴᠢᠩᠭᠠᠳᠬᠠᠬᠤ ᠶᠢᠨ ᠲᠦᠯᠦᠭᠡ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠭᠠᠨ ᠰᠤᠳᠤᠯᠤᠭᠴᠢ ᠨᠠᠷ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠪᠠᠶᠢᠴᠠᠭᠠᠨ ᠰᠤᠳᠤᠯᠵᠤ ᠬᠢᠴᠢᠶᠡᠯ ᠰᠣᠨᠣᠰᠬᠤ᠂ ᠬᠢᠴᠢᠶᠡᠯ ᠵᠥᠪᠯᠡᠬᠦ ᠵᠡᠷᠭᠡ ᠠᠷᠭ᠎ᠠ ᠬᠡᠯᠪᠡᠷᠢ ᠪᠠᠷ ᠪᠠᠭᠰᠢ ᠨᠠᠷ ᠲᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠥᠭᠴᠦ᠂ ᠪᠠᠭᠰᠢ ᠨᠠᠷ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠤᠭᠰᠠᠨ ᠪᠠᠶᠢᠨ᠎ᠠ᠃    ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︿ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ﹀ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠳᠤᠯᠤᠨ ᠰᠤᠷᠤᠯᠴᠠᠬᠤ ᠲᠥᠪ ᠨᠢ ᠬᠥᠳᠡᠭᠡ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠬᠢᠴᠢᠶᠡᠯ ᠰᠣᠨᠣᠰᠴᠤ ᠰᠣᠯᠢᠯᠴᠠᠬᠤ᠂ ᠬᠢᠴᠢᠶᠡᠯ ᠲᠥᠷᠥᠯ ᠤᠨ ᠪᠠᠭᠰᠢ ᠶᠢ ᠵᠣᠬᠢᠶᠠᠨ ᠪᠠᠶᠢᠭᠤᠯᠤᠨ ᠡᠯ᠎ᠡ ᠲᠠᠰ ᠳᠠᠪᠬᠤᠷᠭ᠎ᠠ ᠶᠢᠨ ᠪᠤᠯᠪᠠᠰᠤᠷᠠᠯ ᠳᠤ ᠣᠷᠣᠯᠴᠠᠭᠤᠯᠬᠤ᠂ ᠵᠢᠭᠠᠨ ᠰᠤᠷᠭᠠᠯᠲᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠪᠥᠬᠦ ᠰᠢᠶᠠᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠲᠠᠢ ᠬᠠᠮᠲᠤ ᠪᠠᠷ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠲᠤᠬᠠᠢ ᠰᠤᠳᠤᠯᠤᠨ ᠶᠠᠷᠢᠯᠴᠠᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠨ᠎ᠡ︔ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ ᠶᠢ ᠥᠷᠨᠢᠭᠦᠯᠵᠦ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠪᠠ ᠰᠤᠷᠤᠭᠴᠢᠳ ᠤᠨ ᠰᠤᠷᠤᠯᠴᠠᠯᠭ᠎ᠠ ᠣᠶᠢᠯᠠᠭᠠᠯᠲᠠ ᠶᠢ ᠳᠡᠭᠡᠭᠰᠢᠯᠡᠭᠦᠯᠵᠦ᠂ ᠶᠡᠭᠡ ᠳᠤᠮᠳᠠ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠦᠨᠳᠦᠰᠦ ᠰᠠᠭᠤᠷᠢ ᠶᠢ ᠪᠠᠲᠤᠳᠬᠠᠨ ᠰᠦᠭ ᠰᠦᠨᠡᠰᠦ ᠶᠢ ᠱᠤᠭᠤᠬᠤ᠂ ᠣᠶᠤᠨ ᠤᠬᠠᠭᠠᠨ ᠢ ᠰᠡᠩᠬᠡᠷᠡᠭᠦᠯᠦᠨ ᠣᠶᠤᠨ ᠤᠬᠠᠭᠠᠨ ᠢ ᠨᠡᠮᠡᠭᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ  ᠪᠠᠳᠠᠷᠠᠭᠤᠯᠤᠨ᠎ᠠ ︾ ᠭᠡᠵᠦ ᠲᠦᠴᠢᠦᠸᠠᠨ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠵᠢᠭᠠᠨ ᠰᠤᠳᠤᠯᠤᠭᠴᠢ ᠵᠠᠩ ᠰᠢᠤᠸᠠᠢ ᠵᠢᠩ ᠬᠡᠯᠡᠵᠡᠢ᠃    2024 ᠣᠨ ᠠᠴᠠ ᠨᠠᠰᠢ᠂ ᠰᠤᠳᠤᠯᠤᠨ ᠰᠤᠷᠤᠯᠴᠠᠬᠤ ᠲᠥᠪ ᠠᠴᠠ 28 ᠰᠤᠷᠭᠠᠭᠤᠯᠢ ᠳᠤ ᠪᠠᠶᠢᠴᠠᠭᠠᠨ ᠰᠤᠳᠤᠯᠤᠯᠳᠠ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ ᠨᠠᠶᠢᠳᠠ 80 ᠭᠠᠷᠤᠢ ᠬᠢᠴᠢᠶᠡᠯ ᠰᠣᠨᠣᠰᠴᠤ᠂ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ 6 ᠤᠳᠠᠭ᠎ᠠ ᠪᠣᠯᠪᠠᠰᠤᠷᠠᠭᠤᠯᠵᠤ᠂ ᠡᠯ᠎ᠡ ᠲᠡᠰ ᠳᠠᠪᠬᠤᠷᠭ᠎ᠠ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠢ 5 ᠤᠳᠠᠭ᠎ᠠ ᠵᠣᠬᠢᠶᠠᠨ ᠪᠠᠶᠢᠭᠤᠯᠪᠠ᠃ ᠡᠭᠦᠨ ᠤ ᠵᠡᠷᠭᠡ ᠳᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠰᠠ ᠡᠯ᠎ᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠳᠤᠯᠤᠨ ᠪᠣᠯᠪᠠᠰᠤᠷᠠᠭᠤᠯᠤᠭᠴᠢ᠂ ᠰᠢᠯᠢᠳᠡᠭ ᠪᠠᠭᠰᠢ᠂ ᠭᠤᠣᠯᠯᠠᠭᠴᠢ ᠪᠠᠭᠰᠢ ᠨᠡᠶᠢᠲᠡ 37 ᠬᠥᠮᠥᠨ ᠢ ᠰᠢᠯᠢᠨ ᠰᠣᠩᠭᠤᠵᠤ ᠡᠮᠬᠢᠯᠡᠨ ᠨᠡᠶᠢᠯᠡᠭᠦᠯᠵᠦ᠂ ᠲᠦᠴᠢᠦᠸᠠᠨ ᠰᠢᠶᠠᠨ ᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠯᠤᠭᠤᠳᠬᠤ ᠺᠣᠮᠢᠰ ᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠰᠤᠳᠤᠯᠭᠠᠨ᠂ ᠵᠢᠯᠣᠭᠤᠳᠤᠯᠭ᠎ᠠ ᠪᠠ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠳᠬᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号