ᠯᠠᠵᠤᠤ ᠶᠢᠨ ᠰᠠᠯᠠᠭ᠎ᠠ ᠶᠢ ᠲᠡᠭᠰᠢᠯᠡᠬᠦ
ᠨᠡᠶᠢᠲᠡᠯᠡᠭᠰᠡᠨ ᠴᠠᠭ᠄
2024/4/16
   1. ᠲᠣᠲᠤᠷ᠎ᠠ ᠰᠠᠯᠠᠭ᠎ᠠ ᠶᠢ ᠨᠢ ᠠᠪᠴᠤ ᠬᠠᠶᠠᠨ ᠭᠠᠳᠠᠷ ᠰᠠᠯᠠᠭ᠎ᠠ ᠶᠢ ᠨᠢ ᠦᠯᠡᠳᠡᠭᠡᠨ᠎ᠡ᠃ ᠳᠣᠲᠣᠷ᠎ᠠ ᠬᠥᠨᠳᠡᠢ ᠰᠠᠯᠠᠭ᠎ᠠ ᠶᠢ ᠨᠢ ᠠᠪᠴᠤ ᠬᠠᠶᠠᠬᠤ ᠶᠢᠨ ᠵᠣᠷᠢᠯᠭ᠎ᠠ ᠨᠢ ᠤᠷᠭᠤᠮᠠᠯ ᠤᠨ ᠡᠰᠢ ᠶᠢᠨ ᠬᠤᠭᠤᠷᠤᠨᠳᠤᠬᠢ ᠭᠡᠷᠡᠯ ᠬᠠᠯᠬᠠᠯᠠᠭᠳᠠᠬᠤ ᠠᠴᠠ ᠵᠠᠶᠢᠯᠠᠰᠬᠢᠵᠦ᠂ ᠲᠠᠷᠢᠶᠠᠨ ᠤ ᠰᠠᠯᠬᠢ ᠵᠢᠪᠠᠷ ᠨᠡᠪᠲᠡᠷᠡᠬᠦ ᠶᠢ ᠰᠠᠶᠢᠵᠢᠷᠠᠭᠤᠯᠬᠤ ᠶᠢᠨ ᠲᠥᠯᠥᠭᠡ ᠶᠤᠮ᠃ ᠤᠷᠭᠤᠮᠠᠯ ᠤᠨ ᠡᠰᠢ ᠶᠢᠨ ᠭᠠᠳᠠᠷ ᠲᠠᠯ᠎ᠠ ᠶᠢᠨ ᠰᠠᠯᠠᠭ᠎ᠠ ᠶᠢᠨ ᠣᠷᠣᠰᠢᠬᠤ ᠣᠷᠣᠨ ᠵᠠᠢ ᠨᠢ ᠶᠡᠭᠡ᠂ ᠭᠡᠷᠡᠯ ᠲᠤᠰᠬᠤ ᠪᠠᠷ ᠰᠠᠶᠢᠨ᠂ ᠤᠷᠭᠤᠴᠠ ᠨᠢ ᠴᠢᠩᠭ᠎ᠠ ᠪᠤᠯᠬᠤᠷ ᠵᠢᠮᠢᠰᠯᠡᠬᠦ ᠮᠥᠴᠢᠷ ᠪᠣᠯᠭᠠᠨ ᠪᠤᠶᠢᠵᠢᠭᠤᠯᠵᠤ᠂ ᠶᠡᠷᠦᠩᠬᠡᠢ ᠤᠨᠠᠯᠲᠠ ᠶᠢ ᠨᠢ ᠳᠡᠭᠡᠭᠰᠢᠯᠡᠬᠦᠯᠬᠦ ᠳᠤ ᠲᠤᠰᠠᠳᠠᠢ᠃    2. ᠦᠲᠡᠯᠦᠭᠰᠡᠨ ᠰᠠᠯᠠᠭ᠎ᠠ ᠶᠢ ᠨᠢ ᠠᠪᠴᠤ ᠬᠠᠶᠠᠨ ᠰᠢᠨ᠎ᠡ ᠶᠢ ᠨᠢ ᠦᠯᠡᠳᠡᠭᠡᠨ᠎ᠡ᠃ ᠤᠷᠭᠤᠮᠠᠯ ᠤᠨ ᠡᠰᠢ ᠶᠢᠨ ᠳᠣᠣᠷᠠᠳᠤ ᠬᠡᠰᠡᠭ ᠤᠨ ᠬᠠᠭᠤᠴᠢᠨ ᠨᠠᠪᠴᠢ᠂ ᠡᠪᠡᠳᠴᠢᠯᠡᠭᠰᠡᠨ ᠨᠠᠪᠴᠢ᠂ ᠰᠢᠷ᠎ᠠ ᠨᠠᠪᠴᠢ ᠶᠢ ᠣᠭᠲᠣᠯᠣᠨ ᠠᠪᠴᠤ᠂ ᠡᠰᠢ ᠶᠢᠨ ᠳᠤᠮᠳᠠ ᠳᠡᠭᠡᠳᠦ ᠬᠡᠰᠡᠭ ᠤᠨ ᠠᠰᠢᠭᠲᠤ ᠨᠠᠪᠴᠢ ᠶᠢ ᠦᠯᠡᠳᠡᠭᠡᠪᠡᠯ᠂ ᠨᠢᠭᠡ ᠲᠠᠯ᠎ᠠ ᠪᠠᠷ ᠤᠷᠭᠤᠮᠠᠯ ᠤᠨ ᠰᠢᠮ᠎ᠡ ᠲᠡᠵᠢᠭᠡᠯ ᠤᠨ ᠬᠤᠷᠣᠭᠳᠠᠯ ᠢ ᠪᠠᠭᠠᠰᠬᠠᠵᠤ᠂ ᠨᠦᠭᠦᠭᠡ ᠲᠠᠯ᠎ᠠ ᠪᠠᠷ ᠡᠪᠡᠳᠴᠢᠨ ᠤ ᠬᠥᠨᠥᠭᠡᠯ ᠡᠭᠦᠰᠬᠦ ᠠᠴᠠ ᠰᠡᠷᠭᠡᠶᠢᠯᠡᠵᠦ ᠴᠢᠳᠠᠨ᠎ᠠ᠃    3. ᠪᠠᠭᠤᠷᠠᠢ ᠰᠠᠯᠠᠭ᠎ᠠ ᠶᠢ ᠨᠢ ᠠᠪᠴᠤ ᠬᠠᠶᠠᠨ ᠬᠦᠴᠦᠷᠬᠡᠭ ᠢ ᠨᠢ ᠦᠯᠡᠳᠡᠭᠡᠨ᠎ᠡ᠃ ᠳᠠᠷᠤᠢ ᠨᠠᠷᠢᠨ ᠪᠠᠭᠤᠷᠠᠢ ᠭᠤᠣᠯ ᠰᠠᠯᠠᠭ᠎ᠠ ᠶᠢ ᠨᠢ ᠠᠪᠴᠤ ᠬᠠᠶᠠᠭᠠᠳ ᠢᠳᠡᠷᠡᠭᠦᠨ ᠳᠣᠷᠪᠢᠲᠠᠢ ᠭᠤᠣᠯ ᠰᠠᠯᠠᠭ᠎ᠠ ᠶᠢ ᠨᠢ ᠦᠯᠡᠳᠡᠭᠡᠪᠡᠯ ᠰᠢᠮ᠎ᠡ ᠲᠡᠵᠢᠭᠡᠯ ᠤᠨ ᠬᠤᠷᠣᠭᠳᠠᠯ ᠢ ᠪᠠᠭᠠᠰᠬᠠᠵᠤ᠂ ᠤᠷᠭᠤᠮᠠᠯ ᠤᠨ ᠡᠰᠢ ᠶᠢᠨ ᠬᠡᠪ ᠤᠨ ᠥᠰᠦᠯᠲᠡ ᠶᠢ ᠪᠠᠳᠤᠯᠠᠵᠤ ᠴᠢᠳᠠᠨ᠎ᠠ    4. ᠰᠠᠯᠠᠭ᠎ᠠ ᠶᠢ ᠨᠢ ᠲᠡᠭᠰᠢᠯᠡᠬᠦ ᠶᠠᠪᠤᠴᠠ ᠳᠤ ᠡᠪᠡᠳᠴᠢᠯᠡᠭᠰᠡᠨ ᠵᠢᠮᠢᠰ᠂ ᠡᠪᠡᠳᠴᠢᠯᠡᠭᠰᠡᠨ ᠨᠠᠪᠴᠢ ᠪᠠ ᠡᠪᠡᠳᠴᠢᠯᠡᠭᠰᠡᠨ ᠰᠦᠷᠡᠯ ᠢ ᠨᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号