ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠨᠠᠮ ᠤᠨ ᠲᠠᠭᠤᠨ ᠢ ᠤᠯᠠᠮᠵᠢᠯᠠᠬᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠬᠤ ᠴᠢᠬᠤᠯᠠ ᠵᠢᠭᠰᠠᠭᠠᠯ ᠤᠨ ᠭᠠᠵᠠᠷ ᠮᠥᠨ᠃ ᠵᠠᠯᠠᠭᠤ ᠪᠠᠭ᠎ᠠ | ᠰᠤᠷᠤᠭᠴᠢᠳ ᠤᠨ ᠦᠰᠦᠨ ᠪᠣᠶᠢᠵᠢᠬᠤ ᠶᠠᠪᠤᠴᠠ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠲᠡᠳᠡᠨ ᠤ | ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠬᠠᠪᠰᠤᠷᠤᠮᠵᠢ ᠪᠣᠯᠬᠤ ᠪᠠᠷ ᠪᠠᠷᠠᠬᠤ ᠦᠭᠡᠢ᠂ | ᠲᠡᠳᠡᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠠᠩ | ᠬᠥᠭᠵᠢᠭᠡᠵᠦ ᠴᠢᠳᠠᠬᠤ ᠶᠤᠮ᠃ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠢᠮᠠᠭᠲᠠ ᠨᠠᠮ ᠤᠨ | ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ | ᠦᠨᠳᠦᠰᠦᠨ ᠡᠭᠦᠷᠭᠡ ᠶᠢ ᠢᠳᠡᠪᠬᠢᠲᠡᠢ ᠲᠤᠤᠱᠯᠠᠭᠤᠯᠵᠤ᠂ ᠬᠥᠮᠥᠨ ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠠᠢ᠂ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ ᠲᠠᠢ ᠴᠠᠭ ᠦᠶ᠎ᠡ ᠶᠢᠨ ᠰᠢᠨ᠎ᠡ ᠬᠥᠮᠥᠨ ᠢ ᠴᠢᠷᠮᠠᠶᠢᠨ ᠬᠥᠮᠥᠵᠢᠭᠦᠯᠵᠡᠢ᠃ | ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠲᠠᠩᠬᠢᠮ ᠳᠤ ᠰᠤᠷᠪᠤᠯᠵᠢᠯᠠᠭᠴᠢ ᠰᠤᠷᠤᠭᠴᠢᠳ ᠤᠨ ᠸᠢᠳᠢᠤ᠋ ᠶᠢᠨ ᠬᠢᠴᠢᠶᠡᠯ ᠢ ᠦᠵᠡᠭᠡᠳ ᠳᠤᠭᠤᠶᠢᠯᠠᠩ | ᠬᠤᠪᠢᠶᠠᠨ ᠶᠠᠷᠢᠯᠴᠠᠵᠤ᠂ ᠰᠠᠨᠠᠯ ᠢᠶᠠᠨ ᠰᠣᠯᠢᠯᠴᠠᠵᠤ᠂ ᠪᠠᠭᠰᠢ ᠶᠢᠨ ᠢᠶᠠᠨ ᠵᠢᠯᠣᠭᠤᠳᠤᠯᠭ᠎ᠠ ᠳᠣᠣᠷ᠎ᠠ | ᠣᠯᠠᠨ ᠢᠶᠠᠷ ᠢᠶᠠᠨ ᠥᠪᠡᠷ ᠤᠨ ᠦᠵᠡᠯᠲᠡ ᠪᠠᠨ ᠢᠳᠡᠪᠬᠢᠲᠡᠢ ᠪᠠᠷ ᠢᠯᠡᠳᠬᠡᠵᠡᠢ᠃ | ︽ᠥᠨᠥᠳᠥᠷ ᠪᠢ ᠠᠷᠠᠳ ᠢᠷᠭᠡᠳ ᠡᠷᠬᠡ ᠪᠠᠨ ᠬᠡᠷᠬᠢᠨ ᠬᠡᠷᠡᠭᠵᠢᠭᠦᠯᠬᠦ ᠲᠤᠬᠠᠢ ᠶᠠᠷᠢᠵᠤ ᠪᠠᠶᠢᠨ᠎ᠠ᠂ ᠵᠢᠭᠠᠨ | ᠰᠤᠷᠭᠠᠬᠤ ᠶᠠᠪᠤᠴᠠ ᠳᠤ ᠪᠢ ᠢᠮᠠᠭᠲᠠ ᠬᠢᠴᠢᠶᠡᠯ ᠤᠨ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ | ᠠᠳᠬᠤᠵᠤ᠂ ᠰᠢᠨᠵᠢᠯᠡᠭᠡᠨ ᠤ ᠰᠠᠯᠠᠭ᠎ᠠ ᠶᠢᠨ ᠭᠤᠣᠯᠯᠠᠬᠤ ᠬᠡᠪ ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠵᠤ᠂ | ᠣᠳᠣᠬᠠᠨ ᠤ ᠠᠮᠢᠳᠤ ᠴᠣᠪᠣᠭᠤᠯᠢᠭ ᠨᠡᠶᠢᠲᠡᠯᠢᠭ ᠬᠡᠷᠡᠭ ᠤᠨ ᠵᠢᠱᠢᠶ᠎ᠡ ᠶᠢ ᠳᠦᠷᠰᠦ ᠰᠢᠩᠭᠡᠭᠡᠯᠲᠡ ᠪᠠᠷ ᠨᠠᠷᠢᠨ | ᠰᠣᠩᠭᠤᠵᠤ᠂ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠲᠤ | ᠠᠭᠤᠰᠬᠠᠨ ᠣᠷᠣᠭᠤᠯᠵᠤ᠂ ᠵᠢᠭᠠᠭᠰᠠᠨ ᠬᠢᠴᠢᠶᠡᠯ ᠤᠨ ᠢᠶᠠᠨ ᠦᠵᠡᠯ ᠰᠠᠨᠠᠭᠠᠨ ᠤ ᠠᠭᠤᠯᠬᠤᠨ ᠢ ᠭᠦᠨᠵᠡᠭᠡᠢ | ᠠᠭᠤᠳᠠᠯᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠭ᠎ᠠ ᠬᠢᠴᠢᠶᠡᠯ ᠤᠨ ᠲᠠᠩᠬᠢᠮ ᠢ ᠨᠡᠶᠢᠭᠡᠮ ᠤᠨ ᠶᠡᠭᠡ | ᠬᠢᠴᠢᠶᠡᠯ ᠤᠨ ᠲᠠᠩᠬᠢᠮ ᠲᠠᠢ ᠤᠶᠠᠯᠳᠤᠭᠤᠯᠤᠨ᠎ᠠ︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ | ᠰᠤᠷᠭᠠᠭᠤᠯᠢ ᠶᠢᠨ ᠪᠠᠭᠰᠢ ᠼᠤᠤ ᠶᠠᠩ ᠬᠡᠯᠡᠪᠡ᠃ | ᠰᠤᠷᠤᠭᠴᠢᠳ ᠤᠨ ᠪᠡᠶᠡᠴᠢ ᠴᠢᠳᠠᠮᠠᠭᠠᠢ ᠴᠢᠨᠠᠷ ᠢ ᠪᠠᠳᠠᠷᠠᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ | ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ | ᠠᠮᠢᠳᠤᠷᠠᠯ ᠤᠨ ᠳᠤᠮᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠨᠢᠮᠪᠠᠢ ᠰᠣᠩᠭᠤᠵᠤ᠂ ᠲᠡᠭᠦᠨ ᠢ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠳᠤ ᠠᠭᠤᠰᠬᠠᠨ ᠣᠷᠣᠭᠤᠯᠵᠤ᠂ ᠡᠷᠳᠡᠮ ᠰᠢᠨᠵᠢᠯᠡᠭᠡᠨ ᠤ ᠠᠬᠤᠢ ᠪᠠᠶᠢᠳᠠᠯ ᠲᠠᠢ | ᠤᠶᠠᠯᠳᠤᠭᠤᠯᠤᠨ᠂ ᠳᠤᠭᠤᠶᠢᠯᠠᠩ ᠤᠨ ᠬᠠᠮᠲᠤᠷᠠᠨ ᠰᠦᠪᠡᠭᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠤᠷᠤᠭᠴᠢᠳ ᠤᠨ ᠮᠡᠳᠡᠯᠭᠡ ᠶᠢ ᠭᠦᠨᠵᠡᠭᠡᠢ ᠰᠤᠷᠤᠯᠴᠠᠵᠤ᠂ ᠰᠡᠳᠬᠢᠯ ᠵᠢᠷᠦᠬᠡᠨ ᠳᠡᠭᠡᠨ ᠰᠢᠩᠭᠡᠭᠡᠵᠦ᠂ ᠦᠶᠯᠡ | ᠠᠵᠢᠯᠯᠠᠭ᠎ᠠ ᠳᠠᠭᠠᠨ ᠰᠢᠩᠭᠡᠭᠡᠵᠦ᠂ ᠲᠠᠨᠢᠯᠲᠠ ᠪᠠ ᠦᠶᠯᠡ ᠠᠵᠢᠯᠯᠠᠭ᠎ᠠ ᠪᠠᠨ ᠨᠢᠭᠡᠳᠬᠡᠬᠦ ᠶᠢ ᠪᠡᠶᠡᠯᠡᠭᠦᠯᠦᠨ᠎ᠡ᠃ | ᠬᠠᠮᠤᠭ ᠤᠨ ᠰᠠᠶᠢᠨ ᠰᠤᠷᠭᠠᠨ ᠬᠥᠮᠦᠵᠢᠯ ᠪᠣᠯ ᠦᠢᠯᠡᠳᠦᠯᠭᠡ ᠮᠥᠨ᠂ ᠬᠠᠮᠤᠭ ᠤᠨ ᠠᠮᠢᠳᠤᠯᠢᠭ ᠬᠢᠴᠢᠶᠡᠯ ᠤᠨ | ᠲᠠᠩᠬᠢᠮ ᠪᠣᠯ ᠵᠠᠮ ᠲᠡᠭᠡᠷ᠎ᠡ ᠪᠠᠶᠢᠳᠠᠭ᠃ ᠲᠦᠴᠢᠦᠸᠠᠨ ᠰᠢᠶᠠᠨ ᠤ ᠰᠠᠨ ᠵᠢᠶᠧ ᠪᠠᠭ᠎ᠠ ᠰᠤᠷᠭᠠᠭᠤᠯᠢ ᠶᠢᠨ | ᠨᠡᠶᠢᠭᠡᠮ ᠤᠨ ᠪᠦᠯᠬᠦᠮ ᠤᠨ ᠬᠥᠳᠡᠯᠭᠡᠭᠡᠨ ᠤ ᠲᠠᠰᠤᠭ ᠲᠤ᠂ ᠨᠢᠭᠡ ᠲᠠᠯ᠎ᠠ ᠪᠠᠷ ᠰᠡᠳᠬᠢᠯ ᠬᠦᠳᠡᠯᠭᠡᠮ᠎ᠡ ᠬᠤᠪᠢᠰᠬᠠᠯᠳᠤ | ᠳᠠᠭᠤᠤ ᠶᠢᠨ ᠨᠠᠶᠢᠷᠠᠯ ᠳᠠᠭᠤᠤ᠂ ᠨᠦᠬᠦᠭᠡ ᠲᠠᠯ᠎ᠠ ᠪᠠᠷ ᠬᠥᠮᠥᠰ ᠢ ᠨᠢᠯᠪᠤᠰᠤ ᠤᠨᠠᠭᠠᠮᠠᠷ ᠬᠤᠪᠢᠰᠬᠠᠯᠳᠤ ᠲᠠᠶᠢᠰᠠᠨ ᠤ | ᠵᠦᠴᠦᠭᠡ ᠪᠠᠶᠢᠯ᠎ᠠ᠃ ᠰᠤᠷᠤᠭᠴᠢ ᠴᠧᠨ ᠢᠦᠢ ᠰᠢᠤᠸᠠᠨ᠄ ︽ᠪᠢ ᠡᠩ ᠤᠨ ᠦᠶ᠎ᠡ ᠳᠤ ᠰᠤᠷᠭᠠᠭᠤᠯᠢ ᠳᠠᠭᠠᠨ ᠮᠠᠰᠢ | ᠤᠯᠠᠨ ᠨᠡᠶᠢᠭᠡᠮᠯᠢᠭ ᠤᠨ ᠬᠥᠳᠡᠯᠭᠡᠭᠡᠨ ᠳᠤ ᠣᠷᠣᠯᠴᠠᠳᠠᠭ᠂ ᠡᠳᠡᠭᠡᠷ ᠬᠥᠳᠡᠯᠭᠡᠭᠡᠨ ᠤ ᠳᠤᠮᠳᠠ ᠠᠴᠠ ᠪᠢ ᠮᠠᠰᠢ ᠤᠯᠠᠨ | ᠮᠡᠳᠡᠯᠭᠡ ᠰᠤᠷᠴᠤ᠂ ᠮᠠᠰᠢ ᠤᠯᠠᠨ ᠬᠠᠪᠤ ᠴᠡᠩᠭᠡᠯ ᠢ ᠣᠯᠵᠤ ᠴᠢᠳᠠᠳᠠᠭ︾ ᠭᠡᠵᠦ ᠪᠠᠶᠠᠷ ᠬᠦᠷ ᠲᠠᠢ ᠪᠠᠷ ᠬᠡᠯᠡᠵᠦ | ᠪᠠᠶᠢᠯ᠎ᠠ᠃ ᠪᠢ ᠥᠪᠡᠷ ᠢᠶᠠᠨ ᠳᠠᠭᠤᠤ ᠬᠥᠭᠵᠢᠮ ᠳᠤ ᠳᠤᠷᠠᠲᠠᠢ᠂ ᠤᠨᠴᠠᠭᠠᠶᠢᠯᠠᠨ ᠬᠤᠪᠢᠰᠬᠠᠯᠳᠤ ᠳᠠᠭᠤᠤ ᠳᠠᠭᠤᠯᠠᠬᠤ | ᠳᠤᠷᠠᠲᠠᠢ᠂ ᠬᠤᠪᠢᠰᠬᠠᠯᠳᠤ ᠳᠠᠭᠤᠤ ᠳᠠᠭᠤᠯᠠᠬᠤ ᠪᠣᠯᠭᠠᠨ ᠮᠢᠨᠤ ᠰᠡᠳᠬᠢᠯ ᠳᠣᠭᠳᠣᠯᠵᠤ᠂ ᠪᠢᠳᠡᠨ ᠤ ᠥᠨᠥᠳᠥᠷ ᠤᠨ | ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠮᠡᠳᠡᠷᠡᠵᠦ᠂ ᠬᠤᠵᠢᠮ ᠪᠢ ᠪᠠᠰᠠ ᠰᠠᠶᠢᠲᠤᠷ | ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠨ᠎ᠠ︾ ᠭᠡᠵᠦ ᠬᠡᠯᠡᠪᠡ᠃ | ᠪᠠᠭᠠᠴᠤᠳ ᠤᠨ ᠴᠡᠷᠢᠭ ᠤᠨ ᠰᠤᠷᠭᠠᠭᠤᠯᠢ ᠪᠣᠯᠤᠭᠰᠠᠨ ᠤ ᠬᠤᠪᠢ ᠳᠤ᠂ ᠲᠦᠴᠢᠦᠸᠠᠨ ᠰᠢᠶᠠᠨ ᠤ ᠰᠠᠨ ᠵᠢᠶᠧ | ᠪᠠᠭ᠎ᠠ ᠰᠤᠷᠭᠠᠭᠤᠯᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠥᠮᠥᠨ ᠢ ᠬᠥᠮᠥᠵᠢᠭᠦᠯᠬᠦ ᠪᠦᠬᠦ | ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠤᠨᠤᠯ ᠤᠨ ᠨᠥᠯᠥᠭᠡ ᠶᠢ ᠭᠦᠨᠵᠡᠭᠡᠶᠢᠷᠡᠭᠦᠯᠵᠦ᠂ ᠦᠢᠯᠡᠳᠦᠯᠭᠡ ᠶᠢᠨ | ᠠᠴᠢᠶᠠᠯᠠᠪᠤᠷᠢ ᠶᠢ ᠥᠷᠭᠡᠳᠬᠡᠵᠦ᠂ ᠭᠤᠣᠯ ᠰᠡᠳᠦᠪ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠦᠭ ᠰᠦᠨᠡᠰᠦ ᠶᠢ | ᠱᠤᠭᠤᠵᠤ ᠬᠥᠮᠥᠨ ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠮᠠᠨ ᠤ ᠰᠤᠷᠭᠠᠭᠤᠯᠢ | ᠵᠢᠯ ᠪᠦᠷᠢ ᠪᠠᠭ᠎ᠠ ᠵᠠᠭᠤᠨ ᠡᠷᠳᠡᠮᠲᠡᠨ ᠤ ᠶᠠᠷᠢᠶᠠᠨ ᠤ ᠲᠠᠪᠴᠠᠩ᠂ ᠬᠤᠪᠢᠰᠬᠠᠯ ᠤᠨ ᠬᠥᠮᠦᠵᠢᠯ ᠤᠨ ᠭᠤᠣᠯ ᠰᠡᠳᠦᠪᠲᠦ | ᠠᠩᠭᠢ ᠶᠢᠨ ᠬᠤᠷᠠᠯ᠂ ᠰᠤᠷᠭᠠᠭᠤᠯᠢ ᠶᠢᠨ ᠬᠦᠷᠢᠶᠡᠨ ᠤ ᠳᠠᠭᠤᠷᠢᠶᠠᠮᠠᠯ ᠰᠢᠭᠦᠬᠦ ᠲᠢᠩᠬᠢᠮ᠂ ᠬᠤᠪᠢᠰᠬᠠᠯ ᠤᠨ | ᠰᠠᠭᠤᠷᠢᠨ ᠭᠠᠵᠠᠷ ᠤᠨ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠳᠡᠭ᠃ ᠡᠭᠦᠨ ᠠᠴᠠ ᠭᠠᠳᠠᠨ᠎ᠠ᠂ | ᠮᠠᠨ ᠤ ᠰᠤᠷᠭᠠᠭᠤᠯᠢ ᠪᠣᠯ ᠪᠠᠰᠠ ᠴᠤ ᠪᠠᠭᠠᠴᠤᠳ ᠤᠨ ᠴᠡᠷᠢᠭ ᠤᠨ ᠰᠤᠷᠭᠠᠭᠤᠯᠢ ᠮᠥᠨ ᠪᠣᠯᠬᠤᠷ ᠦᠵᠡᠯ ᠰᠠᠨᠠᠭ᠎ᠠ | ᠤᠯᠤᠰ ᠲᠥᠷᠥ ᠶᠢᠨ ᠬᠥᠮᠦᠵᠢᠯ ᠢ ᠴᠡᠷᠢᠭ ᠤᠨ ᠰᠤᠷᠭᠠᠭᠤᠯᠢ ᠶᠢᠨ ᠠᠵᠢᠯᠯᠠᠭ᠎ᠠ ᠲᠠᠢ ᠠᠭᠤᠰᠬᠠᠨ ᠨᠡᠶᠢᠯᠡᠭᠦᠯᠵᠦ᠂ | ᠴᠡᠷᠢᠭ ᠤᠨ ᠶᠠᠪᠤᠳᠠᠯ ᠤᠨ ᠠᠵᠢᠯᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢᠶᠠᠷ ᠳᠠᠮᠵᠢᠭᠤᠯᠤᠨ | ᠬᠥᠮᠥᠨ ᠢ ᠬᠥᠮᠥᠵᠢᠭᠦᠯᠬᠦ ᠦᠷ᠎ᠡ ᠳ᠋ᠦᠩ ᠳᠤ ᠬᠦᠷᠭᠡᠵᠦ᠂ ᠢᠷᠡᠭᠡᠳᠦᠢ ᠳᠤ ᠰᠠᠨ ᠵᠢᠶᠧ ᠪᠠᠭ᠎ᠠ ᠰᠤᠷᠭᠠᠭᠤᠯᠢ ᠴᠤ | ᠰᠤᠷᠭᠠᠨ ᠬᠥᠮᠦᠵᠢᠯ ᠤᠨ ᠬᠡᠯᠪᠡᠷᠢ ᠶᠢ ᠦᠷᠭᠦᠯᠵᠢᠯᠡᠨ ᠰᠢᠨᠡᠴᠢᠯᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠠᠵᠢᠯ ᠢ ᠰᠠᠶᠢᠲᠤᠷ ᠬᠢᠬᠦ ᠪᠣᠯᠣᠨ᠎ᠠ︾ ᠭᠡᠵᠦ ᠲᠦᠴᠢᠦᠸᠠᠨ ᠰᠢᠶᠠᠨ ᠤ ᠰᠠᠨ ᠵᠢᠶᠧ ᠪᠠᠭ᠎ᠠ ᠰᠤᠷᠭᠠᠭᠤᠯᠢ ᠶᠢᠨ | ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠰᠢᠦᠢ ᠯᠧᠢ ᠬᠡᠯᠡᠵᠡᠢ᠃ | ᠪᠦᠬᠦ ᠰᠢᠶᠠᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠵᠢᠭᠠᠨ ᠰᠤᠷᠭᠠᠬᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠥᠨᠳᠡᠯᠡᠨ ᠢᠶᠠᠷ | ᠨᠡᠪᠲᠡᠷᠡᠭᠦᠯᠬᠦ ᠪᠠ ᠭᠤᠯᠳᠤ ᠴᠢᠭᠯᠡᠯ ᠢᠶᠠᠷ ᠵᠣᠯᠭᠠᠭᠤᠯᠬᠤ ᠳᠤᠮᠳᠠᠬᠢ ᠣᠷᠣᠢ ᠶᠢᠨ ᠳᠠᠪᠬᠤᠷᠭ᠎ᠠ ᠶᠢᠨ ᠵᠢᠷᠤᠭ | ᠲᠥᠯᠥᠪᠯᠡᠭᠡ ᠪᠠ ᠰᠢᠰᠲ᠋ᠧᠮ ᠲᠠᠢ ᠲᠥᠯᠦᠪᠵᠢᠭᠦᠯᠭᠡ ᠶᠢ ᠴᠢᠩᠭᠠᠳᠬᠠᠬᠤ ᠶᠢᠨ ᠲᠦᠯᠦᠭᠡ᠂ ᠲᠦᠴᠢᠦᠸᠠᠨ ᠰᠢᠶᠠᠨ ᠤ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠦᠵᠡᠯ ᠰᠠᠨᠠᠭ᠎ᠠ ᠤᠯᠤᠰ | ᠲᠦᠷᠦ ᠶᠢᠨ ᠵᠢᠭᠠᠨ ᠰᠤᠳᠤᠯᠤᠭᠴᠢ ᠨᠠᠷ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ᠂ ᠬᠠᠮᠲᠤ ᠪᠠᠷ ᠬᠢᠴᠢᠶᠡᠯ | ᠪᠡᠯᠡᠳᠬᠡᠬᠦ᠂ ᠪᠠᠶᠢᠴᠠᠭᠠᠨ ᠰᠤᠳᠤᠯᠵᠤ ᠬᠢᠴᠢᠶᠡᠯ ᠰᠣᠨᠣᠰᠬᠤ᠂ ᠬᠢᠴᠢᠶᠡᠯ ᠵᠥᠪᠯᠡᠬᠦ ᠵᠡᠷᠭᠡ ᠠᠷᠭ᠎ᠠ ᠬᠡᠯᠪᠡᠷᠢ ᠪᠠᠷ ᠪᠠᠭᠰᠢ | ᠨᠠᠷ ᠲᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠥᠭᠴᠦ᠂ ᠪᠠᠭᠰᠢ ᠨᠠᠷ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠦᠨᠡᠨᠬᠦ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠤᠭᠰᠠᠨ ᠪᠠᠶᠢᠨ᠎ᠠ᠃ | ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︿ᠶᠡᠭᠡ ᠰᠤᠷᠭᠠᠭᠤᠯᠢ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ | ᠪᠠᠶᠢᠭᠤᠯᠤᠯᠲᠠ﹀ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠳᠤᠯᠤᠨ ᠰᠤᠷᠤᠯᠴᠠᠬᠤ | ᠲᠥᠪ ᠨᠢ ᠬᠥᠳᠡᠭᠡ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠬᠢᠴᠢᠶᠡᠯ ᠰᠣᠨᠣᠰᠴᠤ ᠰᠣᠯᠢᠯᠴᠠᠬᠤ᠂ ᠬᠢᠴᠢᠶᠡᠯ | ᠲᠥᠷᠥᠯ ᠤᠨ ᠪᠠᠭᠰᠢ ᠶᠢ ᠵᠣᠬᠢᠶᠠᠨ ᠪᠠᠶᠢᠭᠤᠯᠤᠨ ᠡᠯ᠎ᠡ ᠲᠠᠰ ᠳᠠᠪᠬᠤᠷᠭ᠎ᠠ ᠶᠢᠨ ᠪᠤᠯᠪᠠᠰᠤᠷᠠᠯ ᠳᠤ ᠣᠷᠣᠯᠴᠠᠭᠤᠯᠬᠤ᠂ | ᠵᠢᠭᠠᠨ ᠰᠤᠷᠭᠠᠯᠲᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠠᠷ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠪᠥᠬᠦ ᠰᠢᠶᠠᠨ ᠤ ᠦᠵᠡᠯ ᠰᠠᠨᠠᠭ᠎ᠠ ᠤᠯᠤᠰ | ᠲᠥᠷᠥ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠦᠵᠡᠯ | ᠰᠠᠨᠠᠭ᠎ᠠ ᠤᠯᠤᠰ ᠲᠥᠷᠥ ᠶᠢᠨ ᠪᠠᠭᠰᠢ ᠲᠠᠢ ᠬᠠᠮᠲᠤ ᠪᠠᠷ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠬᠦ ᠲᠤᠬᠠᠢ ᠰᠤᠳᠤᠯᠤᠨ ᠶᠠᠷᠢᠯᠴᠠᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠰᠠᠨᠠᠭᠠᠴᠢᠯᠠᠭᠠᠲᠤ | ᠴᠢᠨᠠᠷ ᠢ ᠬᠥᠭᠵᠢᠭᠡᠨ᠎ᠡ︔ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ ᠶᠢ | ᠥᠷᠨᠢᠭᠦᠯᠵᠦ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠪᠠ ᠰᠤᠷᠤᠭᠴᠢᠳ ᠤᠨ ᠰᠤᠷᠤᠯᠴᠠᠯᠭ᠎ᠠ ᠣᠶᠢᠯᠠᠭᠠᠯᠲᠠ ᠶᠢ | ᠳᠡᠭᠡᠭᠰᠢᠯᠡᠭᠦᠯᠵᠦ᠂ ᠶᠡᠭᠡ ᠳᠤᠮᠳᠠ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠦᠨᠳᠦᠰᠦ ᠰᠠᠭᠤᠷᠢ ᠶᠢ ᠪᠠᠲᠤᠳᠬᠠᠨ ᠰᠦᠭ ᠰᠦᠨᠡᠰᠦ ᠶᠢ ᠱᠤᠭᠤᠬᠤ᠂ ᠣᠶᠤᠨ ᠤᠬᠠᠭᠠᠨ ᠢ | ᠰᠡᠩᠬᠡᠷᠡᠭᠦᠯᠦᠨ ᠣᠶᠤᠨ ᠤᠬᠠᠭᠠᠨ ᠢ ᠨᠡᠮᠡᠭᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠤᠨ᠎ᠠ | ︾ ᠭᠡᠵᠦ ᠲᠦᠴᠢᠦᠸᠠᠨ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ | ᠲᠥᠪ ᠤᠨ ᠵᠢᠭᠠᠨ ᠰᠤᠳᠤᠯᠤᠭᠴᠢ ᠵᠠᠩ ᠰᠢᠤᠸᠠᠢ ᠵᠢᠩ ᠬᠡᠯᠡᠵᠡᠢ᠃ | 2024 ᠣᠨ ᠠᠴᠠ ᠨᠠᠰᠢ᠂ ᠰᠤᠳᠤᠯᠤᠨ ᠰᠤᠷᠤᠯᠴᠠᠬᠤ ᠲᠥᠪ ᠠᠴᠠ 28 ᠰᠤᠷᠭᠠᠭᠤᠯᠢ ᠳᠤ ᠪᠠᠶᠢᠴᠠᠭᠠᠨ | ᠰᠤᠳᠤᠯᠤᠯᠳᠠ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠢᠨᠵᠢᠯᠡᠭᠡᠨ ᠤ | ᠰᠠᠯᠠᠭ᠎ᠠ ᠶᠢᠨ ᠵᠢᠭᠠᠨ ᠰᠤᠳᠤᠯᠤᠭᠴᠢ ᠨᠠᠶᠢᠳᠠ 80 ᠭᠠᠷᠤᠢ ᠬᠢᠴᠢᠶᠡᠯ ᠰᠣᠨᠣᠰᠴᠤ᠂ ᠰᠢᠨᠵᠢᠯᠡᠭᠡᠨ ᠤ ᠰᠠᠯᠠᠭ᠎ᠠ ᠶᠢᠨ | ᠪᠠᠭᠰᠢ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ 6 ᠤᠳᠠᠭ᠎ᠠ ᠪᠣᠯᠪᠠᠰᠤᠷᠠᠭᠤᠯᠵᠤ᠂ ᠡᠯ᠎ᠡ ᠲᠡᠰ | ᠳᠠᠪᠬᠤᠷᠭ᠎ᠠ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠢ 5 ᠤᠳᠠᠭ᠎ᠠ ᠵᠣᠬᠢᠶᠠᠨ ᠪᠠᠶᠢᠭᠤᠯᠪᠠ᠃ ᠡᠭᠦᠨ ᠤ | ᠵᠡᠷᠭᠡ ᠳᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠰᠠ ᠡᠯ᠎ᠡ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠳᠤᠯᠤᠨ ᠪᠣᠯᠪᠠᠰᠤᠷᠠᠭᠤᠯᠤᠭᠴᠢ᠂ ᠰᠢᠯᠢᠳᠡᠭ ᠪᠠᠭᠰᠢ᠂ ᠭᠤᠣᠯᠯᠠᠭᠴᠢ | ᠪᠠᠭᠰᠢ ᠨᠡᠶᠢᠲᠡ 37 ᠬᠥᠮᠥᠨ ᠢ ᠰᠢᠯᠢᠨ ᠰᠣᠩᠭᠤᠵᠤ ᠡᠮᠬᠢᠯᠡᠨ ᠨᠡᠶᠢᠯᠡᠭᠦᠯᠵᠦ᠂ ᠲᠦᠴᠢᠦᠸᠠᠨ ᠰᠢᠶᠠᠨ ᠤ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠯᠤᠭᠤᠳᠬᠤ ᠺᠣᠮᠢᠰ ᠢ ᠪᠠᠶᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢᠨ ᠰᠤᠳᠤᠯᠭᠠᠨ᠂ ᠵᠢᠯᠣᠭᠤᠳᠤᠯᠭ᠎ᠠ ᠪᠠ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠳᠬᠠᠪᠠ᠃ |