ᠯᠢᠦ ᠬᠣ᠋ ᠪᠠᠯᠭᠠᠰᠤ ᠡᠮᠡᠭᠲᠡᠶᠢᠴᠦᠳ ᠬᠦᠴᠦᠨ ᠨᠡᠮᠡᠷᠢᠯᠡᠵᠦ ᠵᠠᠬᠢᠷᠤᠨ ᠬᠠᠮᠢᠶᠠᠷᠬᠤ ᠬᠢᠲᠤᠭ᠎ᠠ ᠶᠢ ᠬᠤᠷᠢᠶᠠᠨ ᠠᠪᠴᠤ ᠢᠳᠬᠠᠨ ᠲᠤᠰᠢᠶᠠᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
   ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠦᠨᠡᠨ ᠬᠦ ᠴᠢᠩᠭᠠᠳᠬᠠᠵᠤ᠂ ᠠᠮᠢᠨ ᠬᠡᠷᠡᠭ ᠡᠭᠦᠰᠬᠦ ᠶᠢ ᠡᠬᠢ ᠰᠤᠷᠪᠤᠯᠵᠢ ᠠᠴᠠ ᠨᠢ ᠰᠡᠷᠭᠡᠶᠢᠯᠡᠨ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ᠯᠢᠦ ᠬᠣ᠋ ᠪᠠᠯᠭᠠᠰᠤ ᠡᠮᠡᠭᠲᠡᠶᠢᠴᠦᠳ ᠬᠦᠴᠦᠨ ᠨᠡᠮᠡᠷᠢᠯᠡᠵᠦ ᠵᠠᠬᠢᠷᠤᠨ ᠬᠠᠮᠢᠶᠠᠷᠬᠤ ᠬᠢᠲᠤᠭ᠎ᠠ ᠶᠢ ᠬᠤᠷᠢᠶᠠᠨ ᠠᠪᠴᠤ ᠢᠳᠬᠠᠨ ᠲᠤᠰᠢᠶᠠᠯᠭᠠᠬᠤ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠢᠶᠠᠷ ᠭᠤᠣᠯ ᠬᠦᠴᠦᠨ ᠪᠣᠯᠭᠠᠵᠤ᠂ ᠲᠡᠳᠡᠨ ᠤ ᠬᠥᠳᠡᠭᠡ ᠲᠣᠰᠬᠤᠨ ᠤ ᠵᠠᠰᠠᠯᠲᠠ ᠶᠢᠨ ᠳᠤᠮᠳᠠᠬᠢ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠢ ᠳᠠᠶᠢᠴᠢᠯᠠᠬᠤ ᠪᠠ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ ᠵᠠᠬᠢᠷᠤᠨ ᠬᠠᠮᠢᠶᠠᠷᠬᠤ ᠬᠢᠲᠤᠭ᠎ᠠ ᠪᠠᠨ ᠰᠠᠨᠠᠭᠠᠴᠢᠯᠠᠭ᠎ᠠ ᠠᠴᠠ ᠪᠠᠨ ᠳᠡᠭᠡᠭᠰᠢ ᠲᠤᠰᠢᠶᠠᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ ᠶᠤᠮ᠃
   ᠨᠠᠷᠢᠨ ᠨᠢᠭᠲᠠ ᠪᠠᠶᠢᠷᠢᠯᠠᠭᠤᠯᠵᠤ᠂ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠯᠢᠦ ᠬᠣ᠋ ᠪᠠᠯᠭᠠᠰᠤ ᠲᠤᠰᠬᠠᠢ ᠬᠤᠷᠠᠯ ᠬᠤᠷᠠᠯᠳᠤᠭᠤᠯᠵᠤ᠂ ᠡᠮᠡᠭᠲᠡᠶᠢᠴᠦᠳ ᠬᠦᠴᠦᠨ ᠨᠡᠮᠡᠷᠢᠯᠡᠵᠦ ᠵᠠᠬᠢᠷᠤᠨ ᠬᠠᠮᠢᠶᠠᠷᠬᠤ ᠬᠢᠲᠤᠭ᠎ᠠ ᠶᠢ ᠬᠤᠷᠢᠶᠠᠨ ᠠᠪᠴᠤ ᠢᠳᠬᠠᠨ ᠲᠤᠰᠢᠶᠠᠯᠭᠠᠬᠤ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ᠂ ᠡᠯ᠎ᠡ ᠲᠣᠰᠬᠤᠨ ᠤ  ᠬᠢᠨ ᠤᠯᠤᠰ ᠲᠦᠷᠦ ᠶᠢᠨ ᠵᠣᠭᠰᠣᠯᠲᠠ ᠪᠣᠯᠣᠨ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠬᠢᠲᠤᠭ᠎ᠠ ᠪᠠᠭᠠᠵᠢ ᠶᠢ ᠬᠤᠷᠢᠶᠠᠨ ᠠᠪᠴᠤ ᠢᠳᠬᠠᠨ ᠲᠤᠰᠢᠶᠠᠯᠭᠠᠬᠤ ᠠᠵᠢᠯ ᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠥᠷᠨᠢᠭᠦᠯᠬᠦ ᠶᠢ ᠱᠠᠭᠠᠷᠳᠠᠵᠠᠢ᠃ ᠬᠤᠶᠠᠷ ᠲᠤ᠂ ᠡᠮᠡᠭᠲᠡᠶᠢᠴᠦᠳ ᠤᠨ ᠬᠤᠯᠪᠣᠭ᠎ᠠ ᠶᠢᠨ ᠬᠠᠭᠠᠰ ᠲᠡᠭᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠤᠷ ᠠᠮᠤᠭᠤᠯᠠᠩ ᠭᠡᠷ ᠪᠦᠯᠢ ᠶᠢᠨ ᠪᠠᠶᠢᠭᠤᠯᠤᠯᠲᠠ ᠶᠢᠨ ᠲᠠᠯ᠎ᠠ ᠠᠴᠠ ᠬᠥᠳᠡᠭᠡ ᠲᠣᠰᠬᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠳᠤ ᠬᠦᠴᠦ ᠨᠡᠮᠡᠷᠢᠯᠡᠨ᠎ᠡ᠃ ᠭᠤᠷᠪᠠ ᠳᠤ᠂ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ︽ᠯᠢᠦ ᠬᠣ᠋ ᠪᠠᠯᠭᠠᠰᠤᠨ ᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ ᠵᠣᠬᠢᠶᠠᠵᠤ᠂ ᠰᠦᠯᠵᠢᠶᠡᠨ ᠭᠠᠳᠠᠨ᠎ᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠰᠦᠯᠵᠢᠶᠡᠨ ᠳᠡᠭᠡᠷ᠎ᠡ ᠡᠯᠧᠺᠲᠷᠣᠨ ᠵᠠᠷᠯᠠᠯ ᠲᠠᠷᠬᠠᠭᠠᠬᠤ᠂ ᠬᠠᠮᠤᠭ ᠤᠨ ᠭᠤᠶᠣ ᠵᠢᠷᠭᠤᠭᠠᠨ ᠡᠷᠦᠬᠡ ᠶᠢᠨ ᠣᠯᠠᠨ ᠨᠡᠶᠢᠲᠡ ᠶᠢᠨ ᠳ᠋ᠤᠭᠠᠷ ᠢ ᠬᠤᠯᠪᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠬᠤ︾ ᠵᠢᠷᠭᠢᠶ᠎ᠡ ᠬᠤᠯᠪᠤᠭ᠎ᠠ ᠢᠶᠠᠷ ᠠᠴᠢᠶᠠᠯᠠᠪᠤᠷᠢ ᠪᠣᠯᠭᠠᠵᠤ᠂ ᠲᠦᠭ ᠲᠦᠮᠡᠨ ᠠᠶᠢᠯ ᠡᠷᠦᠬᠡ ᠳᠤ ᠬᠦᠷᠭᠡᠨ᠎ᠡ᠃ ᠤᠯᠠᠨ ᠲᠦᠮᠡᠨ ᠳᠤ ᠵᠠᠬᠢᠷᠤᠨ ᠬᠠᠮᠢᠶᠠᠷᠬᠤ ᠢᠷᠲᠦ ᠪᠠᠭᠠᠵᠢ ᠶᠢᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠭᠤᠯᠵᠤ᠂ ᠵᠠᠬᠢᠷᠤᠨ ᠬᠠᠮᠢᠶᠠᠷᠬᠤ ᠢᠷᠲᠦ ᠪᠠᠭᠠᠵᠢ ᠪᠠ ᠰᠤᠯᠠ ᠪᠠᠶᠢᠬᠤ ᠢᠷᠲᠦ ᠪᠠᠭᠠᠵᠢ ᠶᠢ ᠤᠬᠠᠮᠰᠠᠷ ᠠᠴᠠ ᠪᠠᠨ ᠳᠡᠭᠡᠭᠰᠢ ᠲᠤᠰᠢᠶᠠᠯᠭᠠᠨ᠎ᠠ᠃
   ᠡᠷᠦᠬᠡ ᠳᠤ ᠬᠦᠷᠴᠦ ᠲᠠᠶᠢᠴᠢᠯᠠᠨ᠂ ᠬᠤᠷᠢᠶᠠᠨ ᠠᠪᠴᠤ ᠢᠳᠬᠠᠨ ᠲᠤᠰᠢᠶᠠᠯᠭᠠᠨ᠎ᠠ᠃ 34 ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠪᠠᠷ ᠠᠵᠢᠯᠯᠠᠬᠤ ᠠᠩᠭᠢ ᠪᠠᠶᠢᠭᠤᠯᠵᠤ᠂ ᠲᠠᠪᠤᠨ ᠳᠤᠭᠤᠶᠢᠯᠠᠩ ᠬᠤᠪᠢᠶᠠᠵᠤ᠂ ᠤᠷᠢᠳ ᠬᠤᠵᠢᠳ ᠢᠦᠢ ᠱᠤ᠋ ᠲᠣᠰᠬᠤᠨ᠂ ᠭᠦᠩ ᠾᠧ ᠲᠣᠰᠬᠤᠨ ᠳᠤ ᠲᠥᠪᠯᠡᠷᠡᠭᠦᠯᠦᠨ ᠡᠷᠦᠭᠡ ᠳᠤ ᠣᠷᠣᠬᠤ ᠳᠠᠶᠢᠴᠢᠯᠠᠯᠲᠠ ᠥᠷᠨᠢᠭᠦᠯᠵᠦ᠂ ᠡᠷᠦᠭᠡ ᠳᠤ ᠬᠦᠷᠴᠦ ᠠᠮᠤᠷ ᠲᠦᠪᠰᠢᠨ ᠤ ᠪᠠᠶᠢᠭᠤᠯᠤᠯᠲᠠ ᠶᠢᠨ ᠠᠴᠢ ᠬᠤᠯᠪᠣᠭᠳᠠᠯ᠂ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠢᠴᠢ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠤᠬᠠᠭᠤᠯᠪᠠ᠃ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠠᠬᠢᠷᠤᠨ ᠬᠠᠮᠢᠶᠠᠷᠴᠤ ᠪᠠᠶᠢᠭ᠎ᠠ ᠢᠷᠲᠦ ᠪᠠᠭᠠᠵᠢ ᠵᠢᠴᠢ ᠰᠤᠯᠠ ᠪᠠᠶᠢᠭ᠎ᠠ ᠢᠷᠲᠦ ᠪᠠᠭᠠᠵᠢ ᠶᠢ ᠰᠠᠨᠠᠭᠠᠴᠢᠯᠠᠭ᠎ᠠ ᠠᠴᠠ ᠪᠠᠨ ᠳᠡᠭᠡᠭᠰᠢ ᠲᠤᠰᠢᠶᠠᠯᠭᠠᠬᠤ ᠶᠢᠨ ᠬᠠᠮᠲᠤ ᠳᠡᠩᠰᠡᠯᠡᠨ ᠲᠡᠮᠳᠡᠭᠯᠡᠭᠦᠯᠬᠦ ᠠᠵᠢᠯ ᠢ ᠰᠠᠶᠢᠲᠤᠷ ᠬᠢᠨ᠎ᠡ᠃
   ᠵᠡᠷᠭᠡ ᠳᠤᠨᠢ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠠᠷᠢᠯᠭᠠᠬᠤ ᠬᠡᠷᠡᠭᠲᠡᠢ᠃ ᠡᠷᠦᠬᠡ ᠳᠤ ᠣᠷᠣᠵᠤ ᠬᠢᠳᠤᠭ᠎ᠠ ᠪᠠᠭᠠᠵᠢ ᠶᠢ ᠬᠤᠷᠢᠶᠠᠨ ᠠᠪᠴᠤ ᠢᠳᠬᠠᠨ ᠲᠤᠰᠢᠶᠠᠯᠭᠠᠬᠤ ᠶᠢᠨ ᠬᠠᠮᠲᠤ᠂ ᠬᠡᠪᠢᠰ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠵᠡᠷᠭᠡ ᠳᠤᠨᠢ ᠶᠠᠪᠤᠭᠳᠠᠭᠤᠯᠤᠨ᠎ᠠ᠃ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠠᠰᠠᠭᠤᠳᠠᠯ᠂ ᠢᠯᠠᠩᠭᠤᠶ᠎ᠠ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠣᠷᠤᠭ ᠭᠡᠷ ᠪᠦᠯᠢ ᠵᠡᠷᠭᠡ ᠳᠤ ᠠᠮᠠᠷᠬᠠᠨ ᠣᠯᠠᠨ ᠡᠭᠦᠰᠳᠡᠭ ᠵᠢᠭᠤᠷᠠᠯᠳᠤᠭᠠᠨ ᠢᠶᠠᠷ ᠭᠤᠣᠯᠳᠠᠯᠭ᠎ᠠ ᠪᠣᠯᠭᠠᠵᠤ᠂ ᠲᠣᠣᠷ ᠲᠠᠲᠠᠬᠤ ᠮᠠᠶ᠋ᠢᠭ ᠤᠨ ᠪᠠᠶᠢᠴᠠᠭᠠᠯᠲᠠ ᠶᠢ ᠭᠦᠨᠵᠡᠭᠡᠢ ᠪᠥᠭᠡᠳ ᠯᠠᠪᠳᠠᠭᠤᠨ ᠪᠠᠲᠤᠲᠠᠢ ᠬᠢᠵᠦ᠂ ᠡᠷᠲᠡ ᠠᠴᠠ ᠢᠯᠡᠷᠡᠭᠦᠯᠵᠦ᠂ ᠡᠷᠲᠡ ᠠᠴᠠ ᠮᠡᠳᠡᠭᠦᠯᠵᠦ᠂ ᠡᠷᠲᠡ ᠠᠴᠠ ᠡᠵᠡᠮᠳᠡᠵᠦ᠂ ᠡᠷᠲᠡ ᠠᠴᠠ ᠡᠶᠡᠳᠡᠭᠦᠯᠦᠨ ᠰᠢᠢᠳᠪᠦᠷᠢᠯᠡᠵᠦ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃    ᠲᠣᠰ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠶᠢᠨ ᠳᠤᠮᠳᠠᠬᠢ ᠥᠪᠡᠷᠮᠢᠴᠡ ᠦᠢᠯᠡᠳᠦᠯ ᠪᠠ ᠦᠨ᠎ᠡ ᠥᠷᠲᠡᠭ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠯᠢᠦ ᠬᠣ᠋ ᠪᠠᠯᠭᠠᠰᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号