ᠤᠮᠠᠷᠠᠲᠤ ᠬᠢᠯᠢ ᠶᠢᠨ ᠰᠣᠶᠣᠯ ᠢ ᠵᠠᠯᠭᠠᠮᠵᠢᠯᠠᠵᠤ ᠴᠠᠭᠠᠰᠤᠨ ᠬᠠᠶᠢᠴᠢᠯᠠᠮᠠᠯ ᠤᠨ ᠤᠷᠠᠯᠢᠭ ᠢ ᠪᠠᠳᠠᠷᠠᠭᠤᠯᠵᠦ ︱ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠣᠶᠢᠯᠠᠭᠠᠶ᠎ᠠ
ᠨᠡᠶᠢᠲᠡᠯᠡᠭᠰᠡᠨ ᠴᠠᠭ᠄
2024/4/17
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠦᠨᠳᠦᠰᠦ ᠰᠤᠷᠪᠤᠯᠵᠢ ᠶᠢ ᠯᠠᠪᠳᠠᠭᠤᠨ ᠪᠠᠲᠤᠲᠠᠢ ᠴᠣᠭᠴᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠴᠠᠭᠠᠰᠤᠨ ᠬᠠᠶᠢᠴᠢᠯᠠᠮᠠᠯ ᠢᠶᠠᠷ ᠵᠠᠭᠤᠴᠢ ᠪᠣᠯᠭᠠᠨ᠂ ︽ᠪᠠᠳᠠᠷᠠᠭᠤᠯᠤᠨ ᠳᠡᠯᠭᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠳᠤ ᠤᠯᠠᠮᠵᠢᠯᠠᠯᠲᠤ ᠰᠣᠶᠣᠯ ᠤᠨ ᠤᠷᠠᠯᠢᠭ ᠤᠨ ᠷᠢᠳᠢ ᠰᠢᠳᠢ ᠶᠢ ᠣᠶᠢᠯᠠᠭᠠᠭᠤᠯᠵᠠᠢ᠃
   ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠳᠤᠮᠳᠠᠳᠤ ᠤᠯᠤᠰ ᠤᠨ ᠴᠠᠭᠠᠰᠤᠨ ᠬᠠᠶᠢᠴᠢᠯᠠᠮᠠᠯ ᠤᠨ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠳ᠋ᠤᠸᠠᠨ ᠵᠢᠶᠠᠨ ᠵᠢᠶᠦ᠋ᠨ ᠪᠠᠭᠰᠢ ᠶᠢ ᠣᠨᠴᠠᠭᠠᠶᠢᠯᠠᠨ ᠤᠷᠢᠵᠤ ᠠᠮᠢᠳᠤᠯᠢᠭ ᠰᠠᠶᠢᠬᠠᠨ ᠴᠠᠭᠠᠰᠤᠨ ᠬᠠᠶᠢᠴᠢᠯᠠᠮᠠᠯ ᠤᠨ ᠵᠢᠭᠠᠨ ᠰᠤᠷᠭᠠᠯᠲᠠ ᠬᠢᠯᠭᠡᠪᠡ᠃ ᠳ᠋ᠤᠸᠠᠨ ᠪᠠᠭᠰᠢ ᠭᠦᠨ ᠵᠤᠵᠠᠭᠠᠨ ᠤᠷᠠᠯᠢᠭ ᠤᠨ ᠰᠠᠭᠤᠷᠢ ᠪᠠᠷ ᠢᠶᠠᠨ ᠴᠠᠭᠠᠰᠤᠨ ᠬᠠᠶᠢᠴᠢᠯᠠᠮᠠᠯ ᠤᠨ ᠲᠡᠦᠬᠡ᠂ ᠣᠨᠴᠠᠯᠢᠭ᠂ ᠲᠥᠷᠥᠯ ᠵᠦᠢᠯ᠂ ᠰᠡᠳᠦᠪᠯᠡᠬᠦᠨ ᠤ ᠣᠨᠴᠠᠯᠢᠭ᠂ ᠪᠦᠲᠦᠭᠡᠯ ᠢ ᠰᠣᠨᠢᠷᠬᠠᠨ ᠵᠠᠳᠠᠯᠬᠤ ᠪᠠ ᠵᠣᠬᠢᠶᠠᠨ ᠪᠦᠲᠦᠭᠡᠬᠦ ᠤᠷ᠎ᠠ ᠮᠡᠷᠭᠡᠵᠢᠯ ᠵᠡᠷᠭᠡ ᠲᠠᠯ᠎ᠠ ᠠᠴᠠ ᠴᠠᠭᠠᠰᠤᠨ ᠬᠠᠶᠢᠴᠢᠯᠠᠮᠠᠯ ᠤᠨ ᠤᠷᠠᠯᠢᠭ ᠲᠤ ᠨᠠᠷᠢᠨ ᠲᠠᠶᠢᠯᠪᠤᠷᠢ ᠬᠢᠭᠰᠡᠨ ᠶᠤᠮ᠃ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠠ ᠳᠤᠷ᠎ᠠ ᠪᠠᠭ᠋ᠠᠲᠠᠢ ᠬᠥᠮᠥᠰ ᠳ᠋ᠤᠸᠠᠨ ᠪᠠᠭᠰᠢ ᠶᠢᠨ ᠵᠢᠯᠣᠭᠤᠳᠤᠯᠭ᠎ᠠ ᠳᠣᠣᠷ᠎ᠠ᠂ ᠵᠢᠷᠤᠭ ᠤᠨ ᠪᠦᠲᠦᠴᠡ᠂ ᠨᠤᠭᠤᠯᠤᠭ᠎ᠠ᠂ ᠡᠰᠬᠡᠯᠲᠡ ᠵᠡᠷᠭᠡ ᠪᠠᠷ ᠲᠠᠮᠵᠢᠨ ᠠᠮᠢᠳᠤᠯᠢᠭ ᠰᠠᠶᠢᠬᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠪᠣᠯᠭᠠᠨ ᠬᠤᠪᠢᠷᠠᠭᠤᠯᠳᠠᠭ᠃
   ︽ᠡᠨᠡ ᠤᠳᠠᠭ᠎ᠠ ᠶᠢᠨ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠢᠶᠠᠷ ᠲᠠᠮᠵᠢᠨ᠂ ᠪᠢ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠵᠤ᠂ ᠮᠠᠰᠢ ᠤᠯᠠᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠰᠤᠷᠴᠠᠢ᠂ ᠬᠡᠷᠬᠢᠨ ᠲᠦᠭᠦᠮ ᠵᠢᠷᠤᠭ ᠳᠦᠷᠰᠦ ᠶᠢ ᠨᠡᠩ ᠪᠠᠶᠠᠯᠢᠭ ᠪᠥᠭᠡᠳ ᠰᠣᠨᠢᠷᠬᠠᠯᠲᠠᠢ ᠪᠣᠯᠭᠠᠵᠤ᠂ ᠥᠪᠡᠷ ᠤᠨ ᠬᠠᠶᠢᠴᠢᠯᠠᠵᠤ ᠭᠠᠷᠭᠠᠭᠰᠠᠨ ᠪᠦᠲᠦᠭᠡᠯ ᠢᠶᠠᠨ ᠣᠯᠵᠤ ᠦᠵᠡᠬᠦ ᠦᠶ᠎ᠡ ᠳᠤ᠂ ᠰᠡᠳᠬᠢᠯ ᠵᠢᠷᠦᠬᠡᠨ ᠳᠤ ᠠᠮᠵᠢᠯᠲᠠ ᠶᠢᠨ ᠲᠥᠷᠥᠭᠳᠡᠯ ᠪᠠ ᠬᠠᠨᠤᠮᠵᠢᠲᠠᠢ ᠲᠥᠷᠥᠭᠳᠡᠯ ᠪᠢᠯᠬᠠᠨ᠎ᠠ᠃ ᠡᠭᠦᠨ ᠠᠴᠠ ᠬᠤᠶᠢᠰᠢ ᠪᠢ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠪᠣᠯᠣᠨ᠎ᠠ︾ ᠭᠡᠵᠦ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠸᠠᠩ ᠶᠠᠨ ᠸᠧᠢ ᠬᠡᠯᠡᠪᠡ᠃    ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠬᠢᠴᠢᠶᠡᠯ ᠤᠨ ᠭᠦᠨᠵᠡᠭᠡᠶᠢᠷᠡᠬᠦ ᠶᠢ ᠳᠠᠭᠠᠯᠳᠤᠨ᠂ ᠵᠢᠷᠤᠭ ᠤᠨ ᠪᠦᠲᠦᠴᠡ ᠨᠠᠷᠢᠯᠢᠭ᠂ ᠤᠮᠠᠷᠠᠲᠤ ᠶᠢᠨ ᠰᠣᠶᠣᠯ ᠤᠨ ᠪᠠᠶᠠᠯᠢᠭ ᠠᠭᠤᠯᠬᠤᠨ ᠢ ᠰᠢᠩᠭᠡᠭᠡᠭᠰᠡᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠵᠠᠯᠭᠠᠭ᠎ᠠ ᠪᠠᠷ ᠢᠯᠡᠷᠡᠵᠦ᠂ ᠣᠯᠠᠨ ᠢᠶᠠᠷ ᠢᠶᠠᠨ ᠴᠡᠷᠳᠡᠵᠦ ᠡᠬᠢᠯᠡᠭᠰᠡᠨ ᠪᠥᠭᠡᠳ ᠳ᠋ᠤᠸᠠᠨ ᠵᠢᠶᠠᠨ ᠵᠢᠶᠦ᠋ᠨ ᠪᠠᠭᠰᠢ ᠣᠯᠠᠨ ᠤ ᠪᠦᠲᠦᠭᠡᠯᠴᠢ ᠰᠡᠳᠬᠢᠮᠵᠢ ᠪᠠ ᠤᠷ᠎ᠠ ᠮᠡᠷᠭᠡᠵᠢᠯ ᠢ ᠳᠡᠭᠡᠳᠦ ᠬᠡᠮᠵᠢᠶ᠎ᠡ ᠪᠠᠷ ᠨᠤᠲᠠᠯᠠᠬᠤ ᠶᠢᠨ ᠬᠠᠮᠲᠤ ᠦᠷᠭᠦᠯᠵᠢᠯᠡᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠥᠪᠡᠷ ᠤᠨ ᠤᠷ᠎ᠠ ᠮᠡᠷᠭᠡᠵᠢᠯ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠵᠠᠢ᠃
   ︽ᠮᠠᠨ ᠤ ᠡᠨᠡ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ ᠠᠩᠭᠢ ᠡᠷᠬᠢᠯᠡᠭᠰᠡᠨ ᠴᠠᠭ ᠲᠠᠭᠠᠨ ᠮᠠᠰᠢ ᠲᠣᠬᠢᠷᠠᠵᠤ᠂ ᠪᠠᠰᠠ ᠮᠠᠰᠢ ᠶᠡᠭᠡ ᠠᠴᠢ ᠬᠤᠯᠪᠣᠭᠳᠠᠯ ᠲᠠᠢ ᠶᠤᠮ᠃ ᠡᠨᠡ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠳᠤ ᠮᠠᠨ ᠤ ᠲᠦᠴᠢᠦᠸᠠᠨ ᠤ ᠭᠤᠣᠯ ᠪᠣᠯᠬᠤ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠠ ᠪᠠᠭ᠋ᠠᠳᠠᠨ ᠢ ᠲᠥᠪᠯᠡᠷᠡᠭᠦᠯᠵᠦ᠂ ᠲᠡᠳᠡᠨ ᠢ ᠨᠢᠭᠡ ᠳᠣᠣᠷ᠎ᠠ ᠲᠥᠪᠯᠡᠷᠡᠭᠦᠯᠵᠦ ᠪᠠᠶᠢᠭᠠᠳ ᠴᠠᠭᠠᠰᠤᠨ ᠬᠠᠶᠢᠴᠢᠯᠠᠮᠠᠯ ᠤᠨ ᠰᠤᠷᠤᠯᠴᠠᠯᠭ᠎ᠠ ᠪᠠ ᠲᠤᠰᠬᠠᠢ ᠮᠡᠷᠭᠡᠵᠢᠯ ᠤᠨ ᠳᠠᠪᠰᠢᠯᠲᠠ ᠳᠤ ᠣᠷᠣᠯᠴᠠᠭᠤᠯᠵᠤ᠂ ᠮᠠᠨ ᠤ ᠡᠨᠡ ᠠᠩᠭᠢ  ᠶᠢ ᠳᠡᠭᠡᠭᠰᠢᠯᠡᠭᠦᠯᠬᠦ ᠳᠤᠭᠤᠶᠢᠯᠠᠩ ᠪᠠ ᠰᠠᠭᠤᠷᠢ ᠳᠤᠭᠤᠶᠢᠯᠠᠩ ᠪᠣᠯᠭᠠᠨ ᠬᠤᠪᠢᠶᠠᠵᠤ᠂ ᠠᠳᠠᠯᠢ ᠪᠤᠰᠤ ᠰᠤᠷᠤᠯᠴᠠᠯᠭ᠎ᠠ ᠪᠠᠷ ᠳᠡᠮᠵᠢᠨ᠂ ᠮᠠᠨ ᠤ ᠤᠯᠠᠮᠵᠢᠯᠠᠭᠴᠢ ᠪᠠᠨ ᠲᠤᠰᠬᠠᠢ ᠮᠡᠷᠭᠡᠵᠢᠯ ᠤᠨ ᠲᠠᠯ᠎ᠠ  ᠪᠠᠷ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠂ ᠡᠶᠢᠮᠦ ᠰᠤᠷᠤᠯᠴᠠᠯᠭ᠎ᠠ ᠪᠠᠷ ᠳᠡᠮᠵᠢᠨ᠂ ᠲᠡᠳᠡᠨ ᠳᠤ ᠮᠠᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠦᠨ ᠭᠦᠨᠵᠡᠭᠡᠢ ᠷᠢᠳᠢ ᠰᠢᠳᠢ ᠶᠢ ᠨᠡᠩ ᠰᠠᠶᠢᠨ ᠣᠶᠢᠯᠠᠭᠠᠭᠤᠯᠬᠤ ᠨᠢ ᠮᠥᠨ ᠴᠦ ᠮᠠᠨ ᠤ ᠤᠮᠠᠷᠠᠲᠤ ᠬᠢᠯᠢ ᠶᠢᠨ ᠰᠣᠶᠣᠯ ᠤᠨ ᠨᠢᠭᠡ ᠤᠳᠠᠭᠠᠨ ᠤ ᠴᠢᠬᠤᠯᠠ ᠦᠢᠯᠡᠳᠦᠯᠭᠡ ᠪᠣᠯᠣᠨ᠎ᠠ︾ ᠭᠡᠵᠦ ᠳᠤᠮᠳᠠᠳᠤ ᠤᠯᠤᠰ ᠤᠨ ᠴᠠᠭᠠᠰᠤᠨ ᠬᠠᠶᠢᠴᠢᠯᠠᠮᠠᠯ ︵ᠬᠤᠷᠢᠨᠭᠡᠷ ᠴᠠᠭᠠᠰᠤᠨ ᠬᠠᠶᠢᠴᠢᠯᠠᠮᠠᠯ︶ ᠤᠨ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠳ᠋ᠤᠸᠠᠨ ᠵᠢᠶᠠᠨ ᠵᠢᠶᠦ᠋ᠨ ᠬᠡᠯᠡᠪᠡ᠃    ᠲᠣᠰ ᠤᠳᠠᠭᠠᠨ ᠤ ᠪᠤᠯᠪᠠᠰᠤᠷᠠᠯ ᠤᠨ ᠠᠵᠢᠯᠯᠠᠭ᠎ᠠ ᠨᠢ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠠ ᠪᠠᠭ᠋ᠠᠳᠠᠨ ᠲᠤ ᠰᠤᠷᠤᠯᠴᠠᠯᠭ᠎ᠠ ᠰᠣᠯᠢᠯᠴᠠᠭ᠎ᠠ ᠦᠵᠡᠭᠦᠯᠦᠯᠭᠡ ᠶᠢᠨ ᠰᠠᠶᠢᠨ ᠲᠠᠪᠴᠠᠩ ᠢ ᠪᠠᠶᠢᠭᠤᠯᠤᠨ ᠥᠭᠴᠦ᠂ ᠴᠠᠭᠠᠰᠤᠨ ᠬᠠᠶᠢᠴᠢᠯᠠᠮᠠᠯ ᠤᠨ ᠲᠥᠷᠥᠯ ᠵᠦᠢᠯ ᠤᠨ ᠪᠤᠳᠠᠰ ᠤᠨ ᠪᠤᠰᠤ ᠰᠤᠶᠤᠯ ᠤᠨ ᠵᠠᠯᠭᠠᠮᠵᠢᠯᠠᠭᠴᠢ ᠶᠢᠨ ᠤᠷ᠎ᠠ ᠴᠢᠳᠠᠪᠤᠷᠢ᠂ ᠤᠷᠠᠯᠢᠭ ᠤᠨ ᠴᠢᠳᠠᠪᠤᠷᠢ ᠶᠢ ᠳᠡᠭᠡᠭᠰᠢᠯᠡᠭᠦᠯᠦᠨ᠂  ᠪᠤᠳᠠᠰ ᠤᠨ ᠪᠤᠰᠤ ᠰᠤᠶᠤᠯ ᠤᠨ ᠵᠠᠯᠭᠠᠮᠵᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃    ︽ᠪᠢᠳᠡ ᠲᠣᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠪᠤᠯᠪᠠᠰᠤᠷᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠵᠢᠴᠢ ᠪᠠᠭ᠋ᠠᠳᠠᠳ ᠲᠤ ᠴᠠᠭᠠᠰᠤᠨ ᠬᠠᠶᠢᠴᠢᠯᠠᠮᠠᠯ ᠤᠨ ᠰᠣᠶᠣᠯ ᠤᠨ ᠲᠡᠦᠬᠡ ᠪᠠ ᠷᠢᠳᠢ ᠰᠢᠳᠢ ᠶᠢ ᠭᠦᠨᠵᠡᠭᠡᠢ ᠣᠶᠢᠯᠠᠭᠠᠭᠤᠯᠵᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠪᠠ ᠣᠬᠢ ᠰᠣᠳᠣ ᠶᠢ ᠭᠦᠨᠵᠡᠭᠡᠢ ᠬᠠᠶᠢᠨ ᠰᠦᠪᠡᠭᠴᠢᠯᠡᠵᠦ᠂ ᠡᠭᠦᠨ ᠤ ᠳᠤᠮᠳᠠ ᠠᠴᠠ ᠪᠠᠶᠠᠷ ᠪᠠᠭ᠋ᠠᠳᠤᠯ ᠪᠠ ᠠᠮᠵᠢᠯᠲᠠ ᠪᠦᠲᠦᠮᠵᠢ ᠶᠢᠨ ᠲᠥᠷᠥᠭᠳᠡᠯ ᠲᠠᠢ ᠪᠣᠯᠭᠠᠨ᠎ᠠ᠃ ᠡᠭᠦᠨ ᠤ ᠬᠠᠮᠲᠤ᠂ ᠤᠮᠠᠷᠠᠲᠤ ᠬᠢᠯᠢ ᠶᠢᠨ ᠰᠣᠶᠣᠯ ᠢ ᠤᠯᠠᠮ ᠴᠢᠨᠠᠭᠰᠢᠳᠠ ᠤᠯᠠᠮᠵᠢᠯᠠᠨ ᠪᠠᠳᠠᠷᠠᠭᠤᠯᠵᠤ᠂ ᠪᠢᠳᠡᠨ ᠤ ᠤᠯᠠᠮᠵᠢᠯᠠᠯᠲᠤ ᠰᠣᠶᠣᠯ ᠢ ᠬᠦᠨᠳᠦᠳᠬᠡᠨ ᠬᠠᠶᠢᠷᠠᠯᠠᠵᠤ ᠪᠠᠶᠢᠭ᠎ᠠ ᠶᠢ ᠢᠯᠡᠷᠡᠭᠦᠯᠵᠦ᠂ ᠨᠡᠩ ᠤᠯᠠᠨ ᠬᠥᠮᠥᠰ ᠢ ᠵᠤᠷᠢᠭᠵᠢᠭᠤᠯᠬᠤ᠂ ᠤᠯᠠᠮᠵᠢᠯᠠᠯᠲᠤ ᠰᠣᠶᠣᠯ ᠢ ᠰᠤᠷᠤᠯᠴᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠤᠶᠢᠯᠭᠠᠨ ᠲᠠᠨᠢᠵᠦ ᠪᠠ ᠣᠷᠣᠯᠴᠠᠬᠤ ᠶᠢ ᠬᠦᠰᠡᠵᠦ ᠪᠠᠶᠢᠨ᠎ᠠ︾ ᠭᠡᠵᠦ ᠲᠦᠴᠢᠦᠸᠠᠨ ᠰᠢᠶᠠᠨ ᠤ ᠰᠣᠶᠣᠯ ᠤᠨ ᠣᠷᠳᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠪ ᠤᠨ ᠡᠷᠬᠢᠯᠡᠭᠴᠢ ᠸᠠᠩ ᠶᠠᠨ ᠬᠤᠸᠠ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号