ᠲᠦᠴᠢᠦᠸᠠᠨ ᠰᠢᠶᠠᠨ᠄  ᠪᠦᠬᠦ ᠤᠷᠤᠨ ᠬᠡᠪᠴᠢᠶ᠎ᠡ ᠪᠠᠷ ᠢᠶᠠᠨ ᠦᠵᠡᠮᠵᠢ ᠪᠠᠶᠢᠵᠦ ᠦᠵᠡᠮᠵᠢ ᠳᠥᠷᠪᠡᠨ ᠤᠯᠠᠷᠢᠯ ᠳᠤ ᠪᠦᠷ ᠵᠤᠭᠠᠴᠠᠵᠤ ᠪᠣᠯᠤᠨ᠎ᠠ
ᠨᠡᠶᠢᠲᠡᠯᠡᠭᠰᠡᠨ ᠴᠠᠭ᠄
2024/4/17
   ᠠᠭᠤᠯᠠ ᠤᠰᠤ ᠦᠵᠡᠰᠬᠦᠯᠡᠩᠲᠦ ᠰᠠᠶᠢᠬᠠᠨ᠂ ᠠᠮᠢ ᠠᠬᠤᠢ ᠶᠢᠨ ᠲᠦᠴᠢᠤᠸᠠᠨ᠃ ᠠᠳᠡᠬᠢ ︽ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠭᠠᠵᠠᠷ ᠨᠢ ᠨᠣᠭᠤᠭᠠᠨ︾᠂ ᠠᠳᠡ ᠮᠢᠩ ᠰᠢᠩ ᠨᠠᠭᠤᠷ ᠤᠨ ᠨᠤᠮᠢᠨ ᠳᠣᠯᠭᠢᠶᠠᠨ ᠲᠠᠪᠠᠯᠭᠠᠯᠠᠨ᠂ ᠨᠡᠭᠦᠳᠡᠯ ᠤᠨ ᠰᠢᠪᠠᠭᠤᠳ ᠬᠤᠷᠠᠨ ᠴᠤᠭᠯᠠᠷᠠᠬᠤ ᠶᠢ ᠰᠤᠨᠢᠷᠬᠠᠵᠦ᠂ ᠬᠠᠰᠢᠯᠭ᠎ᠠ ᠶᠢᠨ ᠳᠣᠣᠷᠠᠬᠢ ᠤᠢ ᠰᠢᠭᠤᠢ ᠶᠢᠨ ᠲᠠᠯ᠎ᠠ ᠨᠤᠲᠤᠭ ᠤᠨ ᠦᠵᠡᠮᠵᠢ᠂ ᠪᠠᠶᠢᠭᠠᠯᠢ ᠶᠢᠨ ᠨᠣᠭᠤᠭᠠᠨ ᠪᠤᠷᠭᠠᠰᠤ ᠶᠢ ᠰᠣᠨᠢᠷᠬᠠᠵᠤ᠂ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠢ ᠶᠢᠨ ᠬᠤᠷᠴᠠ ᠰᠡᠳᠡᠯᠲᠡ ᠶᠢ ᠪᠡᠶᠡᠴᠢᠯᠡᠨ ᠤᠶᠢᠯᠭᠠᠨ᠎ᠠ ᠁
   ᠬᠢᠩᠭᠠᠨ ᠠᠶᠢᠮᠠᠭ ᠤᠨ ᠲᠦᠴᠢᠦᠸᠠᠨ ᠰᠢᠶᠠᠨ ᠨᠢ ᠶᠡᠭᠡ ᠬᠢᠩᠭᠠᠨ ᠳᠠᠪᠠᠭ᠎ᠠ ᠶᠢᠨ ᠠᠭᠤᠯᠠᠷᠬᠠᠭ ᠭᠠᠵᠠᠷ ᠠᠴᠠ ᠰᠤᠩᠭᠠᠷᠢ ᠮᠥᠷᠡᠨ ᠨᠤᠨ ᠮᠥᠷᠡᠨ ᠤ ᠲᠠᠯ᠎ᠠ ᠭᠠᠵᠠᠷ ᠲᠡᠶᠢᠰᠢ ᠰᠢᠯᠵᠢᠬᠦ ᠰᠢᠯᠵᠢᠯᠲᠡ ᠶᠢᠨ ᠣᠷᠣᠨ ᠪᠦᠰᠡ ᠳᠤ ᠣᠷᠣᠰᠢᠵᠤ᠂ ᠪᠠᠶᠢᠭᠠᠯᠢ ᠶᠢᠨ ᠥᠩᠭᠡ ᠦᠵᠡᠮᠵᠢ ᠨᠢ ᠭᠤᠶᠣ ᠰᠠᠶᠢᠬᠠᠨ᠂ ᠭᠠᠵᠠᠷ ᠤᠨ ᠲᠥᠷᠬᠦ ᠨᠢ ᠥᠪᠡᠷᠮᠢᠴᠡ ᠣᠨᠴᠠᠯᠢᠭ ᠲᠠᠢ᠂ ᠤᠮᠠᠷᠠᠲᠤ ᠬᠡᠰᠡᠭ ᠨᠢ ᠭᠦᠶᠦᠭᠡᠨ ᠠᠭᠤᠯᠠᠷᠬᠠᠭ ᠣᠷᠣᠨ ᠳᠤ ᠬᠠᠷᠢᠶᠠᠯᠠᠭᠳᠠᠵᠤ᠂ ᠳᠤᠮᠳᠠ ᠬᠡᠰᠡᠭ  ᠨᠢ ᠳᠣᠪᠣᠷᠬᠠᠭ ᠣᠷᠣᠨ ᠳᠤ ᠬᠠᠷᠢᠶᠠᠯᠠᠭᠳᠠᠵᠤ᠂ ᠡᠮᠦᠨᠡᠲᠦ ᠬᠡᠰᠡᠭ ᠨᠢ ᠬᠤᠷᠴᠢᠨ ᠤ ᠲᠠᠯ᠎ᠠ ᠨᠤᠲᠤᠭ ᠲᠤ ᠬᠠᠷᠢᠶᠠᠯᠠᠭᠳᠠᠨ᠎ᠠ᠃ ᠠᠳᠡ ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠬᠡᠮᠡᠭᠳᠡᠭᠰᠡᠨ ᠡᠪᠦᠭᠡᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠶ᠂ ᠯᠢᠶᠣᠤ ᠠᠯᠲᠠᠨ ᠤᠯᠤᠰ ᠤᠨ ᠰᠣᠶᠣᠯ ᠤᠨ ᠠᠯᠳᠠᠨ ᠤᠯᠤᠰ ᠤᠨ ᠤᠷᠳᠤ ᠴᠠᠭᠠᠨ ᠬᠡᠷᠡᠮ ᠪᠠᠶᠢᠵᠦ᠂ ᠠᠳᠡ ᠠᠭᠤᠯᠠ ᠤᠰᠤ ᠬᠥᠬᠡᠮᠳᠦᠭ ᠨᠣᠭᠤᠭᠠᠨ ᠂ ᠳᠥᠷᠪᠡᠨ ᠤᠯᠠᠷᠢᠯ ᠤᠨ ᠦᠵᠡᠮᠵᠢ ᠠᠳᠠᠯᠢ ᠥᠬᠡᠶ ᠪᠠᠶᠢᠳᠠᠭ᠃
   ᠲᠦᠴᠢᠦᠸᠠᠨ ᠰᠢᠶᠠᠨ ᠤ ᠬᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠪᠠᠷ ᠴᠥᠬᠦᠷᠡᠰᠢ ᠦᠭᠡᠢ ᠲᠡᠮᠡᠴᠡᠭᠰᠡᠭᠡᠷ ᠢᠷᠡᠵᠠᠢ᠃ ᠣᠶ ᠰᠢᠭᠤᠶ ᠶᠢᠨ ᠪᠦᠷᠬᠦᠴᠡ ᠶᠢᠨ ᠨᠣᠷᠮ᠎ᠠ 29.47% ᠬᠦᠷᠴᠦ᠂ ᠰᠢᠶᠠᠨ ᠤ ᠬᠡᠪᠴᠢᠶᠡᠨ ᠤ ᠠᠭᠠᠷ ᠰᠠᠶᠢᠨ ᠡᠳᠦᠷ ᠤᠨ ᠲᠤᠭ᠎ᠠ ᠣᠷᠳᠣ ᠬᠤᠭᠤᠴᠠᠭ᠎ᠠ ᠪᠠᠷ 97% ᠠᠴᠠ ᠳᠡᠭᠡᠭᠰᠢ ᠪᠠᠶᠢᠬᠤ ᠶᠢ ᠪᠠᠲᠤᠯᠠᠵᠤ᠂ ︽ᠪᠥᠬᠦ ᠤᠯᠤᠰ ᠤᠨ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠰᠢᠶᠠᠨ︾ ᠢᠶᠠᠷ ᠦᠨᠡᠯᠡᠭᠳᠡᠪᠡ᠂ ᠠᠯᠢ ᠣᠯᠠᠨ ᠲᠤᠭ᠎ᠠ ᠪᠠᠷᠢᠮᠲᠠ᠂ ᠠᠯᠢ ᠣᠯᠠᠨ ︽ᠤᠯᠤᠰ ᠤᠨ ᠨᠠᠷᠠᠲᠤ ᠲᠡᠮᠳᠡᠭᠲᠦ︾ ᠢᠷᠠᠭᠤ ᠠᠯᠳᠠᠷ ᠨᠢ ᠲᠦᠴᠢᠦᠸᠠᠨ ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠪᠣᠯᠬᠤ ᠪᠥᠭᠡᠳ ᠠᠷᠠᠳ ᠣᠯᠠᠨ ᠳᠤ ᠥᠭᠭᠦᠭᠰᠡᠨ ᠬᠠᠮᠤᠭ ᠤᠨ ᠰᠠᠶᠢᠨ ᠬᠠᠷᠢᠭᠤ ᠲᠤᠰᠬᠠᠯ ᠪᠣᠯᠤᠨ᠎ᠠ᠃ ᠲᠦᠴᠢᠦᠸᠠᠨ ᠰᠢᠶᠠᠨ ᠶᠠᠭ ᠪᠣᠬᠢᠷᠲᠤᠯ ᠦᠭᠡᠢ ᠬᠥᠭᠵᠢᠯᠲᠡ ᠶᠢᠨ ᠵᠠᠮ ᠳᠡᠭᠡᠷ᠎ᠡ ᠨᠡᠩ ᠠᠮᠢᠳᠤᠯᠢᠭ ᠠᠮᠢ ᠠᠬᠤᠢ ᠶᠢᠨ ᠬᠠᠭᠤᠳᠠᠰᠤ ᠶᠢ ᠪᠢᠴᠢᠭᠯᠡᠵᠦ ᠪᠠᠶᠢᠨ᠎ᠠ᠃
   ᠲᠦᠴᠢᠦᠸᠠᠨ ᠰᠢᠶᠠᠨ ᠤ ᠬᠢᠨ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠨᠡᠷ᠎ᠡ ᠲᠡᠮᠳᠡᠭ ᠤᠨ ᠭᠤᠣᠯ ᠴᠣᠭᠴᠠ ᠶᠢᠨ ᠳᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ ᠂ ᠬᠥᠳᠡᠭᠡ ᠲᠣᠰᠬᠤᠨ ᠤ ᠵᠢᠭᠤᠯᠴᠢᠯᠠᠯ ᠤᠨ ᠳᠠᠯᠳᠠ ᠴᠢᠳᠠᠪᠤᠷᠢ ᠶᠢ ᠭᠦᠨᠵᠡᠭᠡᠶ ᠠᠭᠤᠳᠠᠯᠵᠤ᠂ ᠮᠢᠩ ᠰᠢᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠪᠤᠤ ᠱᠢ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠡᠪᠦᠭᠡᠨ ᠠᠭᠤᠯᠠ ᠤᠢ ᠰᠢᠭᠤᠢ ᠶᠢᠨ ᠰᠤᠪᠢᠯᠠᠯᠲᠠ ᠶᠢᠨ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠶᠯ ᠢ ᠬᠡᠷᠡᠭᠵᠢᠭᠦᠯᠵᠦ᠂ ᠰᠡᠯᠡᠭᠦᠴᠡᠯ ᠢᠶᠠᠷ ᠰᠠᠭᠤᠷᠢ ᠪᠣᠯᠭᠠᠭᠰᠠᠨ᠂ ᠠᠮᠠᠷᠠᠯᠲᠠ ᠶᠢᠨ ᠦᠨᠦᠷ ᠠᠮᠲᠠ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠭᠡᠯᠲᠡ ᠪᠠᠷ ᠣᠨᠴᠠᠯᠢᠭ ᠪᠣᠯᠭᠠᠭᠰᠠᠨ᠂ ᠡᠷᠳᠡᠮ ᠰᠢᠨᠵᠢᠯᠡᠭᠡᠨ ᠤ ᠰᠢᠨᠵᠢᠯᠡᠨ ᠪᠠᠶᠢᠴᠠᠭᠠᠯᠳᠠ ᠪᠠᠷ ᠤᠷᠲᠤᠳᠬᠠᠭᠰᠠᠨ ᠵᠢᠭᠤᠯᠴᠢᠯᠠᠯ ᠤᠨ ᠠᠵᠤ ᠦᠶᠯᠡᠰ ᠤᠨ ᠰᠢᠰᠲ᠋ᠧᠮᠵᠢ ᠶᠢ ᠪᠠᠶᠢᠭᠤᠯᠵᠤ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠳᠠᠪᠠᠭᠤᠯᠢᠭ ᠡᠬᠢ ᠪᠠᠶᠠᠯᠢᠭ ᠢ ᠵᠢᠭᠤᠯᠴᠢᠯᠠᠯ ᠤᠨ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃
   ᠲᠤᠴᠢᠦᠸᠠᠨ ᠰᠢᠶᠠᠨ ᠤ ᠬᠢᠨ ᠲᠡᠭᠦᠨ ᠤ ᠲᠠᠷᠢᠶᠠᠯᠠᠩ ᠤᠨ ᠲᠤᠮᠤ ᠰᠢᠶᠠᠨ ᠤ ᠳᠠᠪᠠᠭᠤᠯᠢᠭ ᠲᠠᠭᠠᠨ ᠲᠦᠰᠢᠭᠯᠡᠨ᠂ ᠲᠠᠷᠢᠶᠠᠯᠠᠩ ᠰᠣᠶᠣᠯ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠥᠪᠡᠷᠮᠢᠴᠡ ᠣᠨᠴᠠᠯᠢᠭ ᠲᠠᠢ ᠰᠢᠶᠠᠨ ᠤ ᠬᠡᠪᠴᠢᠶᠡᠨ ᠤ ᠵᠤᠭᠠᠴᠠᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ ᠬᠥᠳᠡᠭᠡ ᠨᠤᠲᠤᠭ ᠤᠨ ᠠᠮᠢᠳᠤᠷᠠᠯ ᠢ ᠣᠶᠢᠯᠠᠭᠠᠵᠤ᠂ ᠬᠥᠳᠡᠭᠡ ᠨᠤᠲᠤᠭ ᠤᠨ ᠥᠩᠭᠡ ᠦᠵᠡᠮᠵᠢ ᠶᠢ ᠪᠡᠶ᠎ᠡ ᠪᠠᠷ ᠢᠶᠠᠨ ᠣᠶᠢᠯᠠᠭᠠᠵᠤ᠂ ᠬᠥᠳᠡᠭᠡ ᠨᠤᠲᠤᠭ ᠤᠨ ᠦᠵᠡᠮᠵᠢ ᠶᠢ ᠰᠣᠨᠢᠷᠬᠠᠨ᠎ᠠ᠃ ᠱᠤ᠋ ᠭᠤᠸᠠᠩ᠂ ᠰᠠᠶᠢᠨᠬᠤᠸᠠᠷ ᠬᠤᠶᠠᠷ ᠶᠡᠭᠡ ᠬᠦᠷᠢᠶᠡᠯᠡᠩ ᠲᠣᠭᠤᠷᠢᠭ ᠲᠤ᠂ ᠳᠦᠷᠪᠡᠨ ᠤᠯᠠᠷᠢᠯ ᠳᠤ ᠨᠣᠭᠤᠭ᠎ᠠ ᠵᠢᠮᠢᠰ ᠲᠠᠢ᠂ ᠡᠳᠦᠷ ᠪᠦᠷᠢ ᠲᠡᠭᠦᠵᠦ᠂ ᠲᠦᠴᠢᠦᠸᠠᠨ ᠰᠢᠶᠠᠨ ᠤ ᠲᠠᠷᠢᠶᠠᠯᠠᠩ ᠵᠢᠭᠤᠯᠴᠢᠯᠠᠯ ᠠᠭᠤᠰᠤᠯᠴᠠᠭᠰᠠᠨ ᠵᠤᠭᠠᠴᠠᠯ ᠤᠨ ︽ᠳᠦᠷᠪᠡᠨ ᠤᠯᠠᠷᠢᠯ ᠤᠨ ᠳᠠᠭᠤᠤ︾ ᠶᠢ ᠳᠠᠭᠤᠯᠠᠨ᠎ᠠ ︔ ᠮᠢᠩ ᠰᠢᠩ ᠨᠠᠭᠤᠷ ᠤᠨ ᠤᠰᠤ ᠶᠢ ᠲᠣᠰᠬᠤᠨ ᠳᠤ ᠲᠠᠲᠠᠵᠤ᠂ ᠮᠢᠩᠭᠠᠨ ᠮᠥ ᠲᠠᠷᠢᠶᠠᠯᠠᠩ ᠤᠨ ᠲᠣᠭᠤᠷᠢᠨ ᠦᠵᠡᠬᠦ ᠰᠠᠭᠤᠷᠢᠨ ᠭᠠᠵᠠᠷ ᠢ ᠪᠠᠶᠢᠭᠤᠯᠵᠤ᠂ ︽ᠦᠵᠡᠮᠵᠢ ᠶᠢ ᠲᠠᠷᠢᠶᠠᠨ ᠳᠤᠮᠳᠠ ᠪᠠᠶᠢᠭᠤᠯᠵᠤ᠂ ᠬᠥᠮᠦᠨ ᠢ ᠵᠢᠷᠤᠭ ᠤᠨ ᠳᠤᠮᠳᠠ ᠵᠤᠭᠠᠴᠠᠭᠤᠯᠬᠤ︾ ᠶᠢ ᠪᠡᠶᠡᠯᠡᠭᠦᠯᠦᠨ᠎ᠡ ︔ ᠴᠦᠨ ᠵᠸᠤ  ᠶᠢᠨ ᠡᠷᠲᠡᠨ ᠤ ᠬᠤᠳᠠ ᠶᠢ ᠲᠠᠬᠢᠨ ᠪᠠᠶᠢᠭᠤᠯᠵᠤ᠂ ᠲᠦᠴᠢᠦᠸᠠᠨ ᠤ ᠲᠡᠦᠬᠡ ᠰᠣᠶᠣᠯ ᠤᠨ ᠮᠦᠽᠧᠢ ᠶᠢ ᠪᠠᠶᠢᠭᠤᠯᠵᠤ᠂ ᠭᠡᠷᠡᠯ ᠰᠡᠭᠦᠳᠡᠷ ᠤᠨ ᠬᠤᠪᠢᠷᠠᠯᠲᠠ ᠶᠢᠨ ᠳᠤᠮᠳᠠ ᠠᠴᠠ ᠯᠢᠶᠣᠤ ᠶᠢᠨ ᠤ ᠲᠡᠦᠬᠡ ᠶᠢ ᠣᠶᠢᠯᠠᠭᠠᠵᠤ᠂ ᠲᠦᠴᠢᠦᠸᠠᠨ ᠤ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠰᠤᠳᠤᠷ ᠪᠢᠴᠢᠭ ᠲᠠᠬᠢ ᠦᠯᠢᠭᠡᠷ ᠢ ᠰᠣᠨᠣᠰᠤᠨ᠎ᠠ ︔ ︽ᠯᠢ ᠴᠢᠤᠸᠠᠨ ᠤ ᠥᠯᠢᠭᠡᠷ ᠲᠦᠴᠢᠦᠸᠠᠨ ᠤ ᠡᠭᠦᠳᠦᠯᠲᠡ︾ ᠠᠷᠠᠳ ᠤᠨ ᠵᠠᠩ ᠦᠶᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠵᠤ᠂ ᠲᠦᠴᠢᠦᠸᠠᠨ ᠤ ᠲᠠᠷᠢᠶᠠᠯᠠᠩ ᠤᠨ ᠰᠣᠶᠣᠯ ᠪᠠ ᠠᠷᠠᠳ ᠤᠨ ᠵᠠᠩ ᠦᠶᠯᠡ ᠶᠢᠨ ᠰᠣᠶᠣᠯ ᠢ ᠵᠢᠪᠪᠦᠭᠦᠯᠦᠨ ᠪᠡᠶᠡᠴᠢᠯᠡᠨ ᠤᠶᠢᠯᠭᠠᠨ᠎ᠠ ︔ ᠬᠡᠭᠡᠷ᠎ᠡ ᠶᠢᠨ ᠲᠢᠲᠢᠮ ᠵᠢᠮᠢᠰ ᠤᠨ ᠰᠠᠭᠤᠷᠢᠨ ᠭᠠᠵᠠᠷ ᠢ ᠪᠤᠶ ᠪᠣᠯᠭᠠᠵᠤ᠂ ᠥᠨᠢᠷ ᠪᠠᠶᠠᠯᠢᠭ ︽ᠬᠡᠭᠡᠷ᠎ᠡ ᠶᠢᠨ ᠲᠢᠲᠢᠮ ᠴᠡᠴᠡᠭ ᠤᠨ ᠳᠠᠯᠠᠶ︾ ᠠᠴᠠ ᠡᠯᠪᠡᠭ ᠬᠤᠷᠢᠶᠠᠯᠳᠠ ᠣᠯᠤᠭᠰᠠᠨ ︽ᠬᠡᠭᠡᠷ᠎ᠡ ᠶᠢᠨ ᠲᠢᠲᠢᠮ ᠵᠢᠮᠢᠰ ᠤᠨ ᠡᠯᠪᠡᠭ ᠬᠤᠷᠢᠶᠠᠯᠲᠠ︾ ᠬᠦᠷᠲᠡᠯ᠎ᠡ᠂ ᠬᠡᠭᠡᠷ᠎ᠡ ᠶᠢᠨ ᠲᠢᠲᠢᠮ ᠵᠢᠮᠢᠰ ᠤᠨ ︽ᠲᠦᠴᠢᠤᠸᠠᠨ ᠤ ᠦᠢᠯᠡᠳᠦᠯᠭᠡ︾ ᠠᠮᠵᠢᠯᠳᠠ ᠲᠠᠢ ᠶᠠᠪᠤᠭᠳᠠᠨ᠎ᠠ᠃
   ᠠᠶᠠᠨ ᠵᠠᠮ ᠳᠠᠭᠠᠨ ᠬᠢᠵᠠᠭᠠᠯᠠᠰᠢ ᠦᠭᠡᠢ ᠦᠩᠭᠡ ᠦᠵᠡᠮᠵᠢ ᠪᠢᠯᠬᠠᠨ᠎ᠠ ︔ ᠬᠦᠭᠵᠢᠯᠳᠡ ᠨᠢᠰᠬᠦ ᠮᠡᠳᠤ ᠲᠦᠷᠭᠡᠨ ᠪᠠᠶᠢᠨ᠎ᠠ᠃ ᠡᠳᠦᠭᠡ᠂ ᠲᠦᠴᠢᠦᠸᠠᠨ ᠤ ᠡᠬᠡ ᠭᠠᠵᠠᠷ ᠢᠶᠠᠷ ᠵᠤᠭᠠᠴᠠᠨ ᠲᠣᠭᠤᠷᠢᠬᠤ ᠳᠤ᠂ ᠬᠦᠯ ᠲᠣᠭᠲᠠᠵᠤ᠂ ᠲᠦᠷᠦᠭᠳᠡᠯ ᠲᠠᠢ᠂ ᠠᠭᠤᠰᠤᠯᠴᠠᠯ ᠲᠠᠢ᠂ ᠨᠡᠩ ᠬᠦᠰᠡᠯ ᠡᠷᠡᠮᠡᠯᠵᠡᠯ ᠲᠠᠢ ᠁
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号