ᠲᠠᠷᠢᠶᠠᠨ ᠡᠮ ᠤᠨ ᠬᠡᠷᠡᠭᠯᠡᠯᠲᠡ ᠶᠢᠨ ᠠᠶᠤᠯᠭᠦᠢ ᠵᠠᠪᠰᠠᠷᠯᠠᠬᠤ ᠬᠤᠭᠤᠴᠠᠭ᠎ᠠ ᠭᠡᠳᠡᠭ ᠪᠣᠯ ᠬᠠᠮᠤᠭ ᠰᠡᠭᠦᠯᠴᠢ ᠶᠢᠨ | ᠨᠢᠭᠡ ᠤᠳᠠᠭ᠎ᠠ ᠶᠢᠨ ᠲᠠᠷᠢᠶᠠᠨ ᠡᠮ ᠢ ᠬᠡᠷᠡᠭᠯᠡᠭᠰᠡᠨ ᠠᠴᠠ ᠲᠠᠷᠢᠶᠠᠯᠠᠩ ᠤᠨ ᠪᠦᠲᠦᠭᠡᠭᠳᠡᠬᠦᠨ ᠤ ᠬᠤᠷᠢᠶᠠᠯᠲᠠ ᠶᠢᠨ | ᠡᠳᠦᠷ ᠤᠨ ᠲᠤᠭ᠎ᠠ ᠶᠢ ᠵᠢᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠤᠷᠢᠶᠠᠯᠲᠠ ᠶᠢᠨ ᠲᠠᠷᠢᠶᠠᠨ ᠡᠮ ᠤᠨ | ᠦᠯᠡᠳᠡᠭᠳᠡᠯ ᠤᠨ ᠬᠡᠮᠵᠢᠶ᠎ᠡ ᠨᠢ ᠤᠯᠤᠰ ᠠᠴᠠ ᠲᠣᠭᠲᠠᠭᠠᠭᠰᠠᠨ ᠵᠥᠪᠰᠢᠶᠡᠷᠡᠬᠦ ᠪᠠᠷᠢᠮᠵᠢᠶ᠎ᠠ ᠠᠴᠠ ᠬᠡᠲᠦᠷᠡᠬᠦ ᠦᠭᠡᠢ | ᠪᠠᠶᠢᠬᠤ ᠶᠢ ᠪᠠᠲᠤᠯᠠᠵᠤ᠂ ᠳᠠᠷᠤᠢ ᠬᠠᠮᠤᠭ ᠤᠨ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ ᠠᠴᠠ ᠳᠣᠣᠷ᠎ᠠ | ᠪᠠᠶᠢᠯᠭᠠᠬᠤ ᠶᠢ ᠵᠢᠭᠠᠳᠠᠭ᠃ ᠲᠠᠷᠢᠶᠠᠯᠠᠩ ᠤᠨ ᠦᠢᠯᠡᠳᠪᠦᠷᠢᠯᠡᠯ ᠤᠨ ᠳᠤᠮᠳᠠ ᠬᠠᠮᠤᠭ ᠰᠡᠭᠦᠯᠴᠢ ᠶᠢᠨ ᠨᠢᠭᠡ | ᠤᠳᠠᠭ᠎ᠠ ᠶᠢᠨ ᠡᠮ ᠰᠦᠷᠴᠢᠬᠦ ᠪᠠ ᠬᠤᠷᠢᠶᠠᠯᠲᠠ ᠶᠢᠨ ᠬᠤᠭᠤᠷᠣᠨᠳᠣᠬᠢ ᠬᠤᠭᠤᠴᠠᠭ᠎ᠠ ᠨᠢ ᠡᠷᠬᠡᠪᠰᠢ ᠠᠶᠤᠯᠭᠦᠢ | ᠵᠠᠪᠰᠠᠷᠯᠠᠬᠤ ᠬᠤᠭᠤᠴᠠᠭ᠎ᠠ ᠠᠴᠠ ᠶᠡᠭᠡ ᠪᠠᠶᠢᠬᠤ ᠬᠡᠷᠡᠭᠲᠡᠢ᠂ ᠠᠶᠤᠯᠭᠦᠢ ᠵᠠᠪᠰᠠᠷᠯᠠᠬᠤ ᠬᠤᠭᠤᠴᠠᠭᠠᠨ ᠳᠤ | ᠲᠠᠷᠢᠮᠠᠯ ᠢᠶᠠᠨ ᠬᠤᠷᠢᠶᠠᠵᠤ ᠪᠣᠯᠬᠤ ᠦᠭᠡᠢ᠃ ᠠᠳᠠᠯᠢ ᠪᠤᠰᠤ ᠲᠠᠷᠢᠶᠠᠨ ᠡᠮ ᠤᠨ ᠠᠰᠢᠭᠲᠤ ᠪᠦᠷᠢᠯᠳᠦᠭᠦᠨ ᠨᠢ | ᠲᠡᠭᠦᠨ ᠤ ᠵᠠᠳᠠᠷᠠᠯᠲᠠ᠂ ᠰᠣᠯᠢᠯᠴᠠᠭ᠎ᠠ ᠶᠢᠨ ᠬᠤᠷᠳᠤᠴᠠ ᠶᠢᠨ ᠠᠳᠠᠯᠢ ᠪᠤᠰᠤ ᠪᠤᠶᠤ ᠠᠳᠠᠯᠢ ᠨᠢᠭᠡ ᠵᠦᠢᠯ ᠤᠨ | ᠲᠠᠷᠢᠶᠠᠨ ᠡᠮ ᠢ ᠠᠳᠠᠯᠢ ᠪᠤᠰᠤ ᠥᠰᠦᠯᠲᠡ ᠶᠢᠨ ᠬᠠᠨᠳᠤᠰᠢ ᠪᠠ ᠤᠯᠠᠷᠢᠯ ᠤᠨ ᠲᠠᠷᠢᠮᠠᠯ ᠳᠤ ᠬᠡᠷᠡᠭᠯᠡᠪᠡᠯ ᠠᠶᠤᠯᠭᠦᠢ | ᠵᠠᠪᠰᠠᠷᠯᠠᠬᠤ ᠬᠤᠭᠤᠴᠠᠭ᠎ᠠ ᠨᠢ ᠠᠳᠠᠯᠢ ᠦᠭᠡᠢ ᠪᠠᠶᠢᠳᠠᠭ᠃ | ᠲᠠᠷᠢᠶᠠᠴᠢᠳ ᠲᠠᠷᠢᠶᠠᠨ ᠡᠮ ᠢ ᠬᠡᠷᠡᠭᠯᠡᠬᠦ ᠳᠡᠭᠡᠨ ᠲᠠᠷᠢᠶᠠᠨ ᠡᠮ ᠤᠨ ᠱᠣᠰᠢᠭ᠎ᠠ ᠳᠡᠭᠡᠷ᠎ᠡ ᠲᠣᠳᠣᠷᠬᠠᠶᠢᠯᠠᠭᠰᠠᠨ | ᠲᠠᠷᠢᠶᠠᠨ ᠡᠮ ᠢ ᠬᠡᠷᠡᠭᠯᠡᠬᠦ ᠠᠶᠤᠯᠭᠦᠢ ᠵᠠᠪᠰᠠᠷᠯᠠᠬᠤ ᠬᠤᠭᠤᠴᠠᠭ᠎ᠠ ᠪᠠ ᠤᠯᠠᠷᠢᠯ ᠪᠦᠷᠢ ᠶᠢᠨ ᠬᠠᠮᠤᠭ ᠤᠨ ᠤᠯᠠᠨ | ᠬᠡᠷᠡᠭᠯᠡᠬᠦ ᠡᠮ ᠤᠨ ᠲᠤᠭ᠎ᠠ ᠶᠢ ᠡᠷᠬᠡᠪᠰᠢ ᠲᠣᠳᠣᠷᠬᠠᠢ ᠮᠡᠳᠡᠬᠦ ᠬᠡᠷᠡᠭᠲᠡᠢ᠂ ᠲᠠᠷᠢᠶᠠᠯᠠᠩ ᠤᠨ ᠪᠦᠲᠦᠭᠡᠭᠳᠡᠬᠦᠨ ᠢ | ᠲᠠᠷᠢᠶᠠᠨ ᠡᠮ ᠢ ᠬᠡᠷᠡᠭᠯᠡᠬᠦ ᠠᠶᠤᠯᠭᠦᠢ ᠵᠠᠪᠰᠠᠷᠯᠠᠬᠤ ᠬᠤᠭᠤᠴᠠᠭ᠎ᠠ ᠥᠩᠭᠡᠷᠡᠭᠰᠡᠨ ᠤ ᠲᠠᠷᠠᠭ᠎ᠠ ᠰᠠᠶ᠋ᠢ ᠬᠤᠷᠢᠶᠠᠵᠤ | ᠠᠪᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠲᠠᠷᠢᠶᠠᠨ ᠡᠮ ᠣᠷᠣᠭᠤᠯᠬᠤ ᠤᠳᠠᠭ᠎ᠠ ᠪᠠ ᠲᠠᠷᠢᠶᠠᠨ ᠡᠮ ᠤᠨ | ᠬᠡᠮᠵᠢᠶ᠎ᠡ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ | ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠬᠦ ᠶᠢ ᠰᠡᠷᠭᠡᠶᠢᠯᠡᠬᠦ ᠬᠡᠷᠡᠭᠲᠡᠢ᠃ | | ︽ᠲᠠᠷᠢᠶᠠᠨ ᠡᠮ ᠤᠨ ᠱᠣᠰᠢᠭ᠎ᠠ ᠲᠡᠮᠳᠡᠭ ᠪᠠ ᠲᠣᠳᠣᠷᠬᠠᠶᠢᠯᠠᠯᠲᠠ ᠶᠢᠨ ᠪᠢᠴᠢᠭ ᠤᠨ ᠬᠠᠮᠢᠶᠠᠷᠤᠯᠲᠠ ᠶᠢᠨ | ᠠᠷᠭ᠎ᠠ︾ ︵ᠤᠤᠯ ᠤᠨ ᠲᠠᠷᠢᠶᠠᠯᠠᠩ ᠤᠨ ᠶᠠᠮᠤᠨ ᠤ ᠵᠠᠷᠯᠢᠭ 2017 ᠣᠨ ᠤ 7 ᠳ᠋ᠤᠭᠠᠷ ᠲᠣᠭᠠᠲᠤ︶ ᠶᠢᠨ | ᠲᠣᠭᠲᠠᠭᠠᠯ ᠢ ᠦᠨᠳᠦᠰᠦᠯᠡᠨ᠂ ᠢᠳᠡᠭᠡᠨ ᠳᠤ ᠭᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠳᠤ ᠬᠡᠷᠡᠭᠯᠡᠬᠦ ᠲᠠᠷᠢᠶᠠᠨ | ᠡᠮ ᠳᠤ ᠠᠶᠤᠯᠭᠦᠢ ᠵᠠᠪᠰᠠᠷᠯᠠᠬᠤ ᠬᠤᠭᠤᠴᠠᠭ᠎ᠠ ᠶᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠂ ᠭᠡᠪᠡᠴᠦ ᠳᠣᠣᠷ᠎ᠠ | ᠵᠢᠭᠰᠠᠭᠠᠭᠰᠠᠨ ᠪᠠᠶᠢᠳᠠᠯ ᠳᠤ ᠲᠣᠭᠠᠴᠠᠭᠳᠠᠬᠤ ᠨᠢ ᠡᠭᠦᠨ ᠳᠤ ᠪᠠᠭᠲᠠᠬᠤ ᠦᠭᠡᠢ᠄ | ︵ᠨᠢᠭᠡ︶ ᠢᠳᠡᠭᠡᠨ ᠤ ᠪᠤᠰᠤ ᠲᠠᠷᠢᠮᠠᠯ ᠳᠤ ᠬᠡᠷᠡᠭᠯᠡᠬᠦ ᠲᠠᠷᠢᠶᠠᠨ ᠡᠮ ︔ | ︵ᠬᠤᠶᠠᠷ︶ ᠦᠷ᠎ᠡ ᠬᠤᠯᠢᠬᠤ᠂ ᠬᠠᠯᠢᠰᠤ ᠪᠣᠭᠤᠬᠤ᠂ ᠦᠷ᠎ᠡ ᠳᠡᠪᠲᠦᠭᠡᠬᠦ ᠵᠡᠷᠭᠡ ᠦᠷ᠎ᠡ ᠶᠢ | ᠰᠢᠢᠳᠪᠦᠷᠢᠯᠡᠬᠦ ᠳᠤ ᠬᠡᠷᠡᠭᠯᠡᠬᠦ ᠲᠠᠷᠢᠶᠠᠨ ᠡᠮ ︔ | ︵ᠭᠤᠷᠪᠠ︶ ᠲᠠᠷᠢᠶᠠᠨ ᠭᠠᠵᠠᠷ ᠪᠤᠰᠤ ᠭᠠᠵᠠᠷ ︵ᠮᠠᠯᠵᠢᠯ ᠤᠨ ᠲᠠᠯᠠᠪᠠᠢ ᠠᠴᠠ ᠭᠠᠳᠠᠨ᠎ᠠ︶ ᠲᠤ ᠬᠡᠷᠡᠭᠯᠡᠬᠦ | ᠲᠠᠷᠢᠶᠠᠨ ᠡᠮ ︔ | ︵ᠳᠥᠷᠪᠡ︶ ᠴᠢᠬᠢᠯᠡᠬᠦ ᠠᠴᠠ ᠡᠮᠦᠨᠡᠬᠢ ᠬᠥᠷᠥᠰᠥ ᠰᠢᠷᠣᠢ ᠶᠢ ᠰᠢᠢᠳᠪᠦᠷᠢᠯᠡᠬᠦ ᠡᠮ ᠳᠤ ᠬᠡᠷᠡᠭᠯᠡᠬᠦ ᠲᠠᠷᠢᠶᠠᠨ ᠡᠮ | ︔ | ︵ᠲᠠᠪᠤ︶ ᠲᠠᠷᠢᠮᠠᠯ ᠤᠨ ᠴᠢᠬᠢᠯᠡᠬᠦ ᠬᠤᠭᠤᠴᠠᠭᠠᠨ ᠳᠤ ᠨᠢᠭᠡ ᠯᠡ ᠤᠳᠠᠭ᠎ᠠ ᠬᠡᠷᠡᠭᠯᠡᠳᠡᠭ ᠲᠠᠷᠢᠶᠠᠨ ᠡᠮ ︔ | ︵ᠵᠢᠷᠭᠤᠭ᠎ᠠ︶ ᠪᠦᠬᠦ ᠲᠠᠯ᠎ᠠ ᠶᠢᠨ ᠪᠣᠰᠤ ᠰᠠᠴᠤᠵᠤ ᠬᠡᠷᠡᠭᠯᠡᠬᠦ ᠬᠤᠯᠤᠭᠠᠨ᠎ᠠ ᠠᠯᠠᠬᠤ ᠡᠮ ︔ | ︵ᠲᠤᠯᠤᠭ᠎ᠠ︶ ᠡᠷᠡᠭᠦᠯ ᠬᠠᠮᠠᠭᠠᠯᠠᠯ ᠳᠤ ᠬᠡᠷᠡᠭᠯᠡᠬᠦ ᠲᠠᠷᠢᠶᠠᠨ ᠡᠮ ︔ | ︵ᠨᠠᠢᠮᠠ︶ ᠪᠤᠰᠤᠳ ᠣᠨᠴᠠᠭᠠᠶ ᠪᠠᠶᠢᠳᠠᠯ᠃ |