ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠰᠤᠷᠤᠯᠴᠠᠵᠦ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/4/2
   3 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠤᠯᠤᠰ ᠲᠥᠷᠥ ᠶᠢᠨ ᠪᠠᠶᠢᠷᠢ ᠲᠣᠭᠲᠠᠭᠠᠯᠲᠠ ᠪᠠ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠦᠨᠡᠨ ᠬᠦ ᠴᠢᠩᠭᠠᠳᠬᠠᠵᠤ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠴᠤᠭᠯᠠᠷᠠᠭᠰᠠᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠣᠨᠣᠪᠴᠢᠵᠢᠭᠤᠯᠬᠤ᠂ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ︽ᠨᠢᠭᠡ ᠱᠤᠭᠤᠮ︾ ᠢᠶᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠠᠰᠠᠭᠤᠳᠠᠯ ᠢ ᠦᠨᠳᠦᠰᠦᠨ ᠠᠴᠠ ᠨᠢ ᠢᠳᠡᠪᠬᠢᠲᠡᠢ ᠰᠢᠢᠳᠪᠦᠷᠢᠯᠡᠵᠦ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠠᠵᠢᠯ︾ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠵᠤ᠂ ᠬᠢᠨᠠᠯᠲᠠ ᠲᠠᠯᠪᠢᠬᠤ ᠶᠢᠨ ᠬᠠᠮᠲᠤᠷᠠᠯ ᠬᠦᠴᠦᠨ ᠪᠠ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠢ ᠥᠭᠴᠡᠭᠡ ᠶᠢ ᠠᠷᠢᠯᠭᠠᠬᠤ ᠲᠥᠰᠥᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠥᠭᠴᠡᠭᠡ ᠶᠢᠨ ᠶᠡᠷᠦᠩᠬᠡᠢ ᠬᠡᠮᠵᠢᠶ᠎ᠡ ᠶᠢ ᠪᠠᠭᠠᠰᠬᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠪᠠᠭᠠᠰᠬᠠᠵᠤ ᠬᠡᠷᠡᠭᠯᠡᠵᠦ ᠪᠤᠯᠬᠤ ᠡᠳ᠋ ᠤᠨ ᠬᠦᠴᠦᠨ ᠢ ᠨᠡᠮᠡᠭᠳᠡᠭᠦᠯᠵᠦ᠂ ᠪᠦᠭᠦ ᠵᠢᠯ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠴᠡᠪᠡᠷᠯᠡᠨ ᠡᠮᠬᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠭᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠠᠵᠢᠯ ᠢ ᠰᠠᠶᠢᠲᠤᠷ ᠬᠢᠵᠦ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠩᠭ᠎ᠠ ᠪᠣᠳᠠᠲᠠᠢ ᠠᠳᠬᠤᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠪᠠᠷᠢᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠣᠭᠠᠴᠢᠯᠠᠭᠰᠠᠨ ᠬᠡᠷᠡᠭᠯᠡᠭᠡ ᠪᠠ ᠲᠤᠯᠭᠠᠭᠤᠷᠢᠯᠠᠯ ᠢ ᠴᠢᠩᠭᠠᠳᠬᠠᠵᠤ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠳᠤ ᠨᠠᠩ ᠰᠠᠶᠢᠲᠤᠷ ᠡᠨᠧᠷᠭᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠭᠠᠳᠠᠭᠠᠳᠤ ᠨᠡᠭᠡᠭᠡᠯᠲᠡ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠡᠩ ᠥᠷᠭᠡᠨ ᠠᠭᠤᠳᠠᠮ ᠪᠠᠶᠢᠷᠢᠰᠢᠯ ᠪᠣᠯᠣᠨ ᠬᠠᠷᠠᠭᠠᠰᠤ ᠪᠠᠷ ᠨᠡᠭᠡᠭᠡᠯᠲᠡ ᠶᠢ ᠰᠦᠪᠡᠭᠴᠢᠯᠡᠵᠦ᠂ ᠨᠡᠭᠡᠭᠡᠯᠲᠡ ᠶᠢ ᠠᠳᠬᠤᠵᠤ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠭᠦᠨᠵᠡᠭᠡᠢ ᠠᠭᠤᠰᠤᠯᠴᠠᠨ ᠦᠢᠯᠡᠴᠢᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠥᠷᠨᠢᠭᠦᠯᠵᠦ᠂ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠢᠳᠡᠪᠬᠢᠲᠡᠢ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠪᠦᠭᠦ ᠬᠦᠴᠦ ᠪᠠᠷ ᠢᠶᠠᠨ ᠰᠠᠶᠢᠲᠤᠷ ᠠᠳᠬᠤᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠭᠠᠷ ᠳᠠᠮᠵᠢᠪᠠᠴᠤ ᠠᠰᠢᠭ ᠭᠦᠷᠲᠡᠭᠦ ᠦᠭᠡᠢ︾ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号