ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2024/4/23
    4 ᠰᠠᠷ᠎ᠠ ᠶᠢᠨ 22 ᠤᠨ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ  ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠯᠠᠨ ᠰᠢᠶᠠᠨ ᠹᠧᠩ᠂ ᠯᠢᠶᠠᠩ ᠵᠧᠨ ᠱᠠᠨ ᠵᠢᠴᠢ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ  ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠠᠢ ᠯᠢ ᠮᠢᠩ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠣᠨᠴᠠ ᠤᠷᠢᠭᠰᠠᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ  ᠃     ᠬᠤᠷᠠᠯ ᠠᠴᠠ ᠰᠢᠶᠠᠨ ᠤ ᠵᠠᠰᠠᠭ ᠤᠨ ᠣᠷᠳᠣᠨ ᠤ 2023 ᠣᠨ ᠤ ᠣᠷᠴᠢᠨ ᠲᠣᠭᠤᠷᠢᠨ ᠤ ᠪᠠᠶᠢᠳᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ ᠵᠠᠰᠠᠭ ᠤᠨ ᠣᠷᠳᠣᠨ ᠤ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠪᠠ  ᠃     ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠡᠮᠦᠨ᠎ᠡ ᠠᠴᠠ ᠦᠭᠡ ᠬᠡᠯᠡᠵᠦ᠂ ᠠᠷᠠᠳ ᠲᠦᠮᠡᠨ  ᠳᠤ ᠦᠢᠯᠡᠴᠢᠯᠡᠵᠦ᠂ ᠢᠮᠠᠭᠲᠠ ᠪᠡᠶ᠎ᠡ ᠶᠢᠨ ᠭᠠᠷᠤᠯ ᠪᠠ ᠳᠦᠷᠢ ᠲᠥᠷᠬᠦ ᠶᠢᠨ ᠱᠠᠭᠠᠷᠳᠠᠯᠭ᠎ᠠ ᠶᠣᠰᠣᠭᠠᠷ᠂ ᠲᠤᠰ ᠪᠡᠶ᠎ᠡ  ᠶᠢᠨ ᠬᠢᠵᠠᠭᠠᠷᠯᠠᠯ ᠢᠶᠠᠨ ᠴᠢᠩᠭᠠᠳᠬᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠂ ᠬᠤᠷᠢᠭ᠎ᠠ ᠱᠤᠭᠤᠮ ᠪᠠ ᠤᠯᠠᠭᠠᠨ ᠱᠤᠭᠤᠮ ᠳᠤ ᠶᠠᠭᠠᠬᠢᠭᠰᠠᠨ ᠴᠤ ᠬᠠᠯᠳᠠᠵᠤ ᠪᠣᠯᠬᠤ ᠦᠭᠡᠢ  ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ  ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号