2024 ᠣᠨ ᠤ 1 - 3 ᠰᠠᠷ᠎ᠠ ᠳᠤ ᠲᠦᠴᠢᠦᠸᠠᠨ ᠰᠢᠶᠠᠨ ᠤ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/4/23
   ᠬᠤᠰᠢᠭᠤ ᠰᠢᠶᠠᠨ ᠬᠤᠲᠠ ᠶᠢᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ 1 - 3 ᠳ᠋ᠤᠭᠠᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 18 . 94 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 0 . 5 % ᠪᠠᠷ ᠨᠡᠮᠡᠭᠳᠡᠪᠡ  ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ 6 ᠳ᠋ᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 4 . 8 % )  ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 3 . 07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ  ᠤ ᠬᠢ ᠠᠴᠠ 13 . 6 % ᠪᠠᠷ ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 8 . 18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17 . 6 % ᠪᠠᠷ ᠪᠠᠭᠤᠷᠠᠪᠠ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 7 . 69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5 . 1 % ᠪᠠᠷ ᠨᠡᠮᠡᠭᠳᠡᠪᠡ  ᠃    2024 ᠣᠨ ᠤ 1 - 3 ᠰᠠᠷ᠎ᠠ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29 . 0 % ᠢᠶᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠳᠤ 6 ᠳ᠋ᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 6 . 4 % ᠪᠠᠷ ᠨᠡᠮᠡᠭᠳᠡᠪᠡ )  ᠃    2024 ᠣᠨ ᠤ 1 - 3 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ ᠪᠡᠶᠡᠯᠡᠭᠦᠯᠦᠭᠰᠡᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 0 . 2 % ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ 6 ᠳ᠋ᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 28 . 8 % )  ᠃    2024 ᠣᠨ ᠤ 1 - 3 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠶᠯ  ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 41242 . 6 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1 . 4 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠳᠤ 3 ᠳ᠋ᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 1 . 1 % )  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号