ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠷᠢᠶ᠎ᠠ᠂ ᠠᠯᠪᠠᠨ | ᠭᠡᠷ᠂ ᠲᠣᠪᠴᠢᠶ᠎ᠠ᠄ | 《 ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ 〈 ᠰᠢᠪᠲᠤᠯᠤᠯᠲᠠ 〉 ᠢᠨᠵᠧᠨᠧᠷᠢᠩ ᠤᠨ | ᠬᠡᠷᠡᠭᠵᠢᠭᠦᠯᠬᠦ ᠲᠥᠰᠦᠯ 》 ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠃ | | 2024 ᠣᠨ ᠤ 4 ᠰᠠᠷ᠎ᠠ ᠶᠢᠨ 22 ᠤᠨ ᠡᠳᠦᠷ | | ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠶᠢ ᠰᠢᠪᠲᠤᠯᠬᠤ 》 | ᠢᠨᠵᠧᠨᠧᠷᠢᠩ ᠤᠨ ᠬᠡᠷᠡᠭᠵᠢᠭᠦᠯᠬᠦ ᠲᠥᠰᠦᠯ | ᠣᠷᠣᠨ ᠤ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 《 ᠵᠢᠷᠭᠤᠭᠠᠨ ᠢᠨᠵᠧᠨᠧᠷᠢᠩ 》 ᠳᠠᠬᠢ ᠰᠢᠨᠵᠢᠯᠡᠬᠦ | ᠤᠬᠠᠭᠠᠨ ᠮᠡᠷᠭᠡᠵᠢᠯ ᠤᠨ 《 ᠪᠦᠰᠡᠯᠡᠯᠲᠡ ᠶᠢ ᠰᠢᠪᠲᠤᠯᠬᠤ 》 ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢᠨ ᠲᠤᠰᠠᠳᠠ᠂ ᠲᠤᠰ ᠲᠥᠰᠦᠯ ᠢ ᠲᠣᠭᠲᠠᠭᠠᠪᠠ ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ 《 ᠵᠢᠱᠢᠶᠡᠴᠢ | ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠷᠠᠯ ᠢ ᠣᠨᠢᠯᠠᠵᠤ᠂ ᠵᠤᠷᠰᠢᠯ ᠢ ᠡᠪᠳᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ 《 ᠰᠢᠪᠲᠤᠯᠤᠯᠲᠠ 》 ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ | ᠲᠦᠴᠢᠦᠸᠠᠨ ᠤ ᠰᠢᠨ᠎ᠡ ᠴᠢᠨᠠᠷ ᠤᠨ ᠦᠶᠯᠡᠳᠪᠦᠷᠢᠯᠡᠯ ᠤᠨ ᠬᠦᠴᠦᠨ ᠢ ᠬᠦᠴᠦᠯᠡᠨ ᠪᠣᠶᠢᠵᠢᠭᠤᠯᠵᠤ᠂ ᠲᠦᠴᠢᠦᠸᠠᠨ | ᠤ ᠤᠨᠴᠠᠯᠢᠬᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠰ ᠢ ᠴᠣᠭᠴᠠᠯᠠᠵᠤ᠂ ᠣᠳᠣᠬᠢᠴᠢᠯᠠᠭᠰᠠᠨ | ᠠᠵᠤ ᠦᠶᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠲᠦᠴᠢᠦᠸᠠᠨ ᠤ ᠠᠵᠤ ᠠᠬᠤᠶ | ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠰᠢᠭ | ᠲᠤᠯᠭᠤᠭᠤᠷ ᠪᠤᠯᠤᠨ᠎ᠠ᠃ | ᠬᠤᠶᠠᠷ᠂ ᠦᠨᠳᠦᠰᠦᠨ ᠵᠠᠷᠴᠢᠮ | 1 . ᠣᠨᠴᠠᠯᠢᠭ ᠲᠠᠭᠠᠨ ᠠᠩᠬᠠᠷᠤᠯ ᠢᠶᠠᠨ ᠲᠥᠪᠯᠡᠷᠡᠭᠦᠯᠦᠨ᠎ᠡ ᠃ ᠮᠠᠨ ᠤ ᠰᠢᠶᠠᠨ ᠤ ᠨᠢᠭᠡᠨᠲᠡ ᠪᠠᠶᠢᠭ᠎ᠠ | ᠳᠠᠪᠠᠭᠤᠯᠢᠭ ᠤᠨᠴᠠᠯᠢᠬᠳᠤ ᠠᠵᠤ ᠦᠶᠯᠡᠰ ᠪᠣᠯᠬᠤ ᠲᠢᠲᠢᠮ ᠵᠢᠮᠢᠰ ᠤᠨ ᠠᠵᠤ ᠦᠶᠯᠡᠰ ᠪᠠ 《 ᠣᠷᠣ ᠥᠬᠡᠶ | ᠭᠠᠵᠠᠷ ᠣᠪᠣᠭ᠎ᠠ ᠪᠤᠰᠬᠠᠬᠤ 》 ᠶᠢ ᠪᠡᠶᠡᠯᠡᠭᠦᠯᠵᠦ ᠳᠡᠶᠢᠯᠬᠦ ᠭᠤᠤᠯᠳᠠᠯᠭ᠎ᠠ ᠲᠠᠢ ᠬᠦᠷᠢᠶᠡᠨ ᠳᠤ ᠰᠠᠭᠤᠷᠢᠯᠠᠨ᠂ ᠮᠣᠭᠠᠶ | ᠡᠷᠢᠶᠡᠨ ᠴᠢᠯᠠᠭᠤᠯᠢᠭ ᠠᠴᠠ ᠲᠡᠮᠦᠷᠯᠢᠭ ᠮᠠᠭᠨᠢ ᠶᠢ ᠭᠠᠷᠭᠠᠨ ᠠᠪᠴᠤ᠂ ᠢᠷᠡᠭᠡᠳᠦᠶ ᠶᠢᠨ ᠠᠵᠤ ᠦᠶᠯᠡᠰ ᠢ | ᠴᠣᠭᠴᠠᠯᠠᠨ᠂ ᠲᠦᠴᠢᠦᠸᠠᠨ ᠤ ᠣᠨᠴᠠᠯᠢᠭ ᠢ ᠪᠡᠶᠡᠯᠡᠭᠦᠯᠦᠨ᠎ᠡ ᠃ | 2 . ᠤᠷᠤᠯᠳᠤᠭᠠᠨ ᠤ ᠵᠠᠮ ᠢ ᠨᠡᠭᠡᠭᠡᠬᠦ ᠃ 《 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ | ᠡᠭᠦᠳᠬᠦ ᠬᠡᠯᠬᠢᠶ᠎ᠡ ᠶᠢ ᠪᠠᠶᠢᠷᠢᠯᠠᠭᠤᠯᠬᠤ 》᠂ 《 ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠠᠵᠤ | ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠬᠤ 》 ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ 《 ᠰᠢᠪᠲᠤᠯᠤᠯᠲᠠ 》᠂ ᠠᠵᠤ ᠦᠢᠯᠡᠰ ᠤᠨ ᠨᠠᠶᠢᠳᠠᠪᠤᠷᠢᠵᠢᠭᠤᠯᠤᠯᠲᠠ ᠪᠠᠷ ᠭᠤᠣᠯ | ᠪᠣᠯᠭᠠᠵᠤ᠂ ᠪᠦᠬᠦ ᠬᠡᠯᠬᠢᠶ᠎ᠡ ᠪᠠᠷ ᠲᠥᠯᠥᠪᠵᠢᠭᠦᠯᠵᠦ᠂ ᠰᠢᠰᠲ᠋ᠧᠮ ᠤᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ | ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠪᠦᠬᠦ ᠬᠦᠴᠦᠨ ᠢᠶᠠᠷ ᠢᠶᠠᠨ ᠨᠡᠭᠡᠭᠡᠨ᠎ᠡ ᠃ | 3 . ᠵᠢᠮ᠎ᠡ ᠶᠣᠰᠣ ᠶᠢ ᠵᠢᠷᠤᠮᠯᠠᠨ᠎ᠠ ᠃ ᠮᠡᠷᠭᠡᠵᠢᠯ ᠤᠨ ᠬᠤᠪᠢᠰᠤᠯᠲᠠ ᠲᠠᠢ ᠤᠶᠠᠯᠳᠤᠭᠤᠯᠤᠨ᠂ 《 | ᠰᠢᠪᠲᠤᠯᠤᠯᠲᠠ ᠬᠢᠬᠦ 》 ᠪᠣᠯᠤᠮᠵᠢᠲᠤ ᠴᠢᠨᠠᠷ ᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠵᠦ᠂ ᠳᠤᠮᠳᠠ ᠪᠠ ᠣᠷᠳᠣ | ᠬᠤᠭᠤᠴᠠᠭᠠᠨ ᠤ ᠣᠶᠢᠷ᠎ᠠ ᠪᠠᠶᠢᠬᠤ ᠬᠠᠷᠠᠯᠲᠠ ᠶᠢ ᠪᠤᠰᠤᠳᠴᠢ ᠪᠠᠷ ᠲᠣᠭᠲᠠᠭᠠᠨ᠂ ᠴᠢᠳᠠᠪᠤᠷᠢᠲᠠᠨ ᠤ ᠪᠦᠯᠬᠦᠮ ᠢ | ᠥᠨᠳᠥᠷ ᠲᠦᠪᠰᠢᠨ ᠢᠶᠠᠷ ᠣᠷᠣᠭᠤᠯᠤᠨ ᠠᠪᠴᠢᠷᠠᠵᠤ᠂ ᠬᠡᠷᠡᠭᠵᠢᠭᠦᠯᠬᠦ ᠪᠡᠶᠡᠴᠢ ᠴᠣᠭᠴᠠ ᠶᠢ ᠥᠨᠳᠥᠷ ᠪᠠᠷᠢᠮᠵᠢᠶ᠎ᠠ | ᠪᠠᠷ ᠰᠣᠩᠭᠤᠨ᠂ ᠨᠢᠭᠡ ᠶᠢ ᠪᠣᠯᠪᠠᠰᠤᠷᠠᠩᠭᠤᠶ ᠪᠣᠯᠭᠠᠪᠠᠯ ᠨᠢᠭᠡ ᠶᠢ ᠡᠬᠢᠯᠡᠭᠦᠯᠦᠨ᠎ᠡ ᠃ | 4 . ᠭᠤᠤᠯ ᠴᠣᠭᠴᠠ ᠶᠢ ᠳᠣᠪᠣᠶᠢᠯᠭᠠᠨ᠎ᠠ ᠃ ᠵᠠᠬ᠎ᠠ ᠳᠡᠯᠭᠡᠭᠦᠷ ᠤᠨ ᠲᠣᠭᠲᠠᠴᠠ ᠶᠢ ᠭᠦᠶᠴᠡᠳ ᠪᠠᠳᠠᠷᠠᠭᠤᠯᠤᠨ | ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠠᠵᠤ | ᠠᠬᠤᠶᠢᠯᠠᠯ ᠢᠶᠠᠷ ᠭᠤᠤᠯ ᠤᠳᠤᠷᠢᠳᠤᠮᠵᠢ ᠪᠣᠯᠭᠠᠭᠰᠠᠨ ᠦᠶᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠶ | ᠠᠭᠤᠰᠤᠯᠴᠠᠯ ᠢ ᠠᠬᠢᠭᠤᠯᠤᠨ᠂ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ 《 ᠰᠢᠪᠲᠤᠯᠤᠯᠲᠠ 》 ᠶᠢ ᠬᠡᠷᠡᠭᠵᠢᠭᠦᠯᠬᠦ ᠭᠤᠤᠯ ᠴᠣᠭᠴᠠ᠂ ᠣᠷᠣᠭᠤᠯᠤᠯᠲᠠ | ᠶᠢᠨ ᠭᠤᠤᠯ ᠴᠣᠭᠴᠠ᠂ ᠠᠰᠢᠭ ᠭᠥᠷᠳᠡᠬᠦ ᠭᠤᠤᠯ ᠴᠣᠭᠴᠠ ᠪᠣᠯᠬᠤ ᠶᠢ ᠳᠡᠮᠵᠢᠨ᠎ᠡ ᠃ | ᠭᠤᠷᠪᠠ᠂ ᠭᠤᠣᠯᠳᠠᠯᠭ᠎ᠠ ᠲᠠᠢ ᠡᠭᠦᠷᠭᠡ | ( ᠨᠢᠭᠡ ) ᠮᠣᠭᠠᠶ ᠡᠷᠢᠶᠡᠨ ᠴᠢᠯᠠᠭᠤᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠳᠤᠮᠳᠠᠳᠤ | ᠤᠯᠤᠰ ᠤᠨ ᠥᠩᠭᠡᠲᠦ ᠲᠡᠮᠦᠷᠯᠢᠭ ᠤᠨ ᠰᠢ ᠠᠨ ᠤ ᠬᠠᠶᠢᠨ ᠪᠠᠶᠢᠴᠠᠭᠠᠬᠤ ᠵᠢᠷᠤᠭ ᠲᠥᠯᠥᠪᠯᠡᠭᠡᠨ ᠤ ᠬᠦᠷᠢᠶᠡᠯᠡᠩ | ᠤᠨ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ᠂ ᠮᠣᠭᠠᠶ ᠶᠢᠨ ᠭᠡ ᠲᠠᠢ ᠴᠢᠯᠠᠭᠤᠯᠢᠭ ᠢ ᠪᠣᠯᠪᠠᠰᠤᠷᠠᠭᠤᠯᠬᠤ | ᠲᠡᠮᠦᠷᠯᠢᠭ ᠮᠠᠭᠨᠢ ᠶᠢᠨ ᠲᠤᠷᠰᠢᠯᠲᠠ ᠶᠢᠨ ᠲᠠᠰᠤᠭ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠢᠵᠢ ᠪᠦᠷᠢᠨ | ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠥᠷᠨᠢᠭᠦᠯᠦᠨ᠂ ᠠᠵᠤ ᠦᠶᠯᠡᠳᠪᠦᠷᠢᠵᠢᠯᠲᠡ ᠶᠢᠨ ᠳᠤᠮᠳᠠᠬᠢ | ᠲᠤᠷᠰᠢᠯᠲᠠ ᠶᠢ ᠪᠡᠶᠡᠯᠡᠭᠦᠯᠵᠦ᠂ ᠪᠣᠬᠢᠷᠲᠤᠯ ᠥᠬᠡᠶ ᠴᠠᠬᠢᠯᠭᠠᠨ ᠢ ᠰᠢᠩᠭᠡᠭᠡᠬᠦ ᠲᠠᠢ ᠤᠶᠠᠯᠳᠤᠭᠤᠯᠤᠨ᠂ ᠥᠪᠡᠷ ᠤᠨ | ᠥᠷᠲᠡᠭ ᠢᠶᠠᠷ ᠳᠣᠤᠷ᠎ᠠ᠂ ᠪᠥᠬᠦ ᠠᠵᠤ ᠦᠶᠯᠡᠰ ᠤᠨ ᠬᠡᠯᠬᠢᠶ᠎ᠡ ᠶᠢᠨ ᠮᠣᠭᠠᠶ ᠶᠢᠨ ᠭᠡ ᠲᠠᠢ ᠴᠢᠯᠠᠭᠤᠯᠢᠭ ᠢ | ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ ( ᠲᠦᠷᠦᠭᠦᠯᠡᠨ ᠬᠠᠷᠢᠭᠤᠴᠠᠬᠤ ᠨᠢᠭᠡᠴᠡ᠄ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠃ ᠬᠠᠮᠵᠢᠯᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠺᠠᠶ ᠴᠧᠩ ᠪᠥᠲᠥᠭᠡᠨ ᠪᠠᠶᠢᠭᠤᠯᠤᠯᠲᠠ ᠶᠢᠨ | ᠬᠢᠵᠠᠭᠠᠷᠲᠤ ᠺᠣᠮᠫᠠᠨᠢ ) ᠃ | ( ᠬᠤᠶᠠᠷ ) ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠬᠥᠮᠥᠷᠭᠡ ᠶᠢ | ᠪᠠᠶᠢᠭᠤᠯᠵᠤ᠂ ᠱᠠᠲᠤᠯᠢᠭ ᠮᠠᠶ᠋ᠢᠭ ᠢᠶᠠᠷ ᠬᠥᠮᠦᠵᠢᠭᠦᠯᠵᠦ᠂ ᠨᠢᠭᠡ ᠪᠣᠯᠪᠠᠰᠤᠷᠠᠩᠭᠤᠶ ᠪᠣᠯᠪᠠᠯ ᠨᠢᠭᠡ ᠶᠢ ᠭᠤᠶᠤᠴᠢᠯᠠᠨ | ᠮᠡᠳᠡᠭᠦᠯᠦᠨ᠎ᠡ ᠃ | 1 . ᠬᠢᠲᠠᠳ ( ᠮᠣᠩᠭᠤᠯ ) ᠡᠮ ᠡᠮᠨᠡᠯᠭᠡ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ | ᠠᠬᠢᠭᠤᠯᠤᠨ᠎ᠠ ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠮᠣᠩᠭᠤᠯ ᠬᠤᠨᠴᠢᠷ ᠳᠠᠷᠢᠬᠤ ᠵᠠᠭᠪᠤᠷ ᠤᠨ ᠰᠤᠳᠤᠯᠭᠠᠨ ᠤ ᠲᠥᠷᠥᠯ | ᠵᠦᠶᠯ ᠢ ᠴᠢᠷᠮᠠᠶᠢᠨ ᠥᠷᠨᠢᠭᠦᠯᠵᠦ᠂ ᠪᠦᠷᠢᠨ ᠪᠦᠲᠦᠨ 《 ᠪᠢᠴᠢᠯ ᠠᠮᠢ ᠠᠬᠤᠶ ᠶᠢᠨ ᠪᠣᠷᠲᠣᠭᠤᠷ + ᠬᠡᠷ ᠤᠨ | ᠵᠢᠭᠦᠷᠲᠡᠨ ᠲᠡᠵᠢᠭᠡᠨ ᠦᠷᠡᠵᠢᠭᠦᠯᠬᠦ + ᠮᠣᠩᠭᠤᠯ ᠬᠤᠨᠴᠢᠷ ᠳᠠᠷᠢᠬᠤ 》 ᠠᠮᠢ ᠠᠬᠤᠶ ᠶᠢᠨ ᠲᠠᠷᠢᠮᠠᠯ ᠤᠨ ᠵᠠᠭᠪᠤᠷ ᠢ | ᠪᠠᠶᠢᠭᠤᠯᠵᠤ᠂ ᠮᠠᠨ ᠤ ᠰᠢᠶᠠᠨ ᠤ ᠬᠢᠲᠠᠳ ᠮᠣᠩᠭᠤᠯ ᠡᠮ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ ᠃ ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ | ᠬᠠᠮᠵᠢᠯᠴᠠᠬᠤ ᠨᠢᠭᠡᠴᠡ᠄ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠦᠴᠢᠦᠸᠠᠨ ᠰᠢᠶᠠᠨ ᠤ ᠢᠦ᠋ᠶ ᠹᠧᠩ | ᠲᠠᠷᠢᠮᠠᠯ ᠤᠨ ᠵᠦᠶᠯ ᠤᠨ ᠮᠠᠰᠢᠨᠴᠢᠯᠠᠯᠲᠠ ᠶᠢᠨ ᠲᠤᠰᠬᠠᠶᠢᠵᠢᠭᠰᠠᠨ ᠬᠤᠷᠰᠢᠶ᠎ᠠ᠃ | 2 . ᠲᠠᠷᠢᠵᠤ ᠤᠷᠭᠤᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠦᠷᠭᠦᠯᠵᠢᠯᠡᠨ ᠭᠦᠨ | ᠮᠠᠯᠲᠠᠬᠤ ᠬᠡᠷᠡᠭᠲᠡᠶ ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ | ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠠ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠡᠬᠢ ᠪᠠᠶᠠᠯᠢᠭ ᠬᠢᠭᠡᠳ ᠲᠠᠷᠢᠶᠠᠯᠠᠩ ᠤᠨ ᠣᠷᠣᠨ ᠬᠤᠪᠢᠶᠠᠷᠢᠯᠠᠯ ᠤᠨ | ᠰᠤᠳᠤᠯᠭᠠᠨ ᠤ ᠭᠠᠵᠠᠷ ᠢ ᠣᠷᠣᠭᠤᠯᠤᠨ ᠠᠪᠴᠢᠷᠠᠵᠤ᠂ ᠬᠢᠮᠢ ᠶᠢᠨ ᠪᠣᠷᠲᠣᠭᠤᠷ ᠤᠨ ᠬᠡᠮᠵᠢᠶ᠎ᠡ ᠶᠢ ᠪᠠᠭᠠᠰᠬᠠᠬᠤ | ᠠᠵᠢᠯᠯᠠᠭ᠎ᠠ ᠶᠢ ᠠᠬᠢᠭᠤᠯᠤᠨ᠂ ᠲᠠᠷᠢᠮᠠᠯ ᠤᠨ ᠤᠨᠠᠯᠲᠠ ᠬᠢᠭᠡᠳ ᠰᠢᠮ᠎ᠡ ᠲᠡᠵᠢᠭᠡᠯ ᠢ ᠠᠰᠢᠭᠯᠠᠬᠤ ᠦᠷ᠎ᠡ ᠪᠦᠲᠦᠮᠵᠢ | ᠶᠢ ᠬᠠᠮᠵᠢᠯᠴᠠᠭᠤᠯᠤᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠲᠠᠷᠢᠮᠠᠯ ᠤᠨ ᠦᠶᠯᠡᠳᠪᠦᠷᠢᠯᠡᠯ ᠤᠨ ᠶᠠᠪᠤᠴᠠ ᠳᠠᠬᠢ | ᠰᠢᠮ᠎ᠡ ᠲᠡᠵᠢᠭᠡᠯ ᠢ ᠠᠰᠢᠭᠯᠠᠬᠤ ᠦᠷ᠎ᠡ ᠪᠦᠲᠦᠮᠵᠢ ᠳᠣᠤᠷ᠎ᠠ ᠪᠠᠶᠢᠬᠤ ᠵᠢᠴᠢ ᠪᠦᠲᠦᠭᠡᠭᠳᠡᠬᠦᠨ ᠢ ᠣᠷᠣᠯᠠᠭᠤᠯᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠵᠠᠩᠭᠢᠯᠠᠭ᠎ᠠ ᠶᠢᠨ ᠮᠢᠺᠷᠣᠪ ᠤᠨ ᠪᠠᠺᠲ᠋ᠧᠷᠢ ᠶᠢᠨ ᠰᠦᠷᠦᠭ ᠤᠨ ᠲᠠᠷᠢᠮᠠᠯ ᠤᠨ | ᠥᠰᠥᠯᠲᠡ ᠶᠢ ᠠᠬᠢᠭᠤᠯᠬᠤ᠂ ᠰᠢᠮ᠎ᠡ ᠲᠡᠵᠢᠭᠡᠯ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠣᠭᠲᠠᠴᠠ᠂ | ᠪᠠᠺᠲ᠋ᠧᠷᠢ ᠶᠢᠨ ᠢᠰᠬᠡᠭᠦᠷ ᠤᠨ ᠨᠡᠶᠢᠯᠡᠮᠡᠯ ᠣᠯᠠᠨ ᠴᠢᠳᠠᠮᠵᠢᠲᠤ ᠠᠮᠢᠳᠤ ᠪᠣᠳᠠᠰ ᠤᠨ ᠣᠷᠭᠠᠨᠢᠭ ᠪᠣᠷᠲᠣᠭᠤᠷ ᠤᠨ | ᠨᠠᠶᠢᠷᠠᠯᠭ᠎ᠠ ᠶᠢ ᠰᠤᠳᠤᠯᠤᠨ ᠨᠡᠭᠡᠭᠡᠬᠦ ᠰᠤᠳᠤᠯᠭᠠᠨ ᠢ ᠭᠤᠤᠯᠳᠠᠯᠭ᠎ᠠ ᠲᠠᠢ ᠥᠷᠨᠢᠭᠦᠯᠦᠨ᠎ᠡ︔ ᠬᠤᠨᠢᠨ ᠬᠤᠷᠭᠤᠯ᠂ | ᠡᠰᠢ ᠰᠦᠷᠡᠯ ᠵᠡᠷᠭᠡ ᠲᠠᠷᠢᠶᠠᠯᠠᠩ ᠤᠨ ᠣᠷᠭᠠᠨᠢᠭ ᠳᠠᠭᠠᠯᠳᠤᠪᠤᠷᠢ ᠪᠦᠲᠦᠭᠡᠭᠳᠡᠬᠦᠨ ᠢᠶᠠᠷ ᠲᠦᠭᠦᠬᠡᠶ ᠮᠠᠲ ᠧᠷᠢᠶᠠᠯ | ᠪᠣᠯᠭᠠᠵᠤ᠂ ᠶᠡᠷᠦᠩᠬᠡᠶᠢᠯᠡᠭᠰᠡᠨ ᠠᠮᠢᠳᠤ ᠪᠣᠳᠠᠰ ᠤᠨ ᠰᠤᠳᠤᠯᠤᠯ᠂ ᠢᠰᠬᠡᠭᠦᠷ ᠤᠨ ᠰᠤᠳᠤᠯᠤᠯ᠂ ᠣᠷᠭᠠᠨᠢᠭ | ᠪᠣᠷᠳᠣᠭᠤᠷ ᠢ ᠠᠮᠢᠳᠤ ᠪᠣᠳᠠᠰ ᠤᠨ ᠪᠠᠺᠲ᠋ᠧᠷᠢ ᠶᠢᠨ ᠡᠮ ᠲᠠᠢ ᠬᠤᠣᠰᠯᠠᠭᠤᠯᠬᠤ ᠵᠡᠷᠭᠡ ᠠᠷᠭ᠎ᠠ ᠪᠠᠷᠢᠯ ᠢ ᠠᠪᠴᠤ᠂ | ᠪᠠᠺᠲ᠋ᠧᠷᠢ ᠶᠢᠨ ᠢᠰᠬᠡᠭᠦᠷ ᠢ ᠳᠠᠪᠲᠠᠨ ᠲᠣᠬᠢᠷᠠᠭᠤᠯᠬᠤ ᠥᠨᠳᠥᠷ ᠦᠷ᠎ᠡ ᠪᠦᠲᠦᠮᠵᠢᠲᠡᠶ ᠨᠡᠶᠢᠯᠡᠮᠡᠯ ᠴᠢᠳᠠᠮᠵᠢ ᠲᠠᠢ | ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠦᠢᠯᠡᠳᠬᠦᠨ ᠢ ᠰᠤᠳᠤᠯᠤᠨ ᠨᠡᠭᠡᠭᠡᠬᠦ ᠬᠡᠷᠡᠭᠲᠡᠶ︔ ᠣᠯᠠᠨ | ᠴᠢᠳᠠᠮᠵᠢᠲᠤ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠬᠢᠮᠢ ᠶᠢᠨ ᠪᠣᠷᠳᠣᠭᠤᠷ ᠢ ᠣᠷᠣᠯᠠᠭᠤᠯᠬᠤ ᠦᠷ᠎ᠡ | ᠪᠦᠲᠦᠮᠵᠢ ᠶᠢ ᠰᠤᠳᠤᠯᠵᠤ᠂ ᠬᠤᠷᠠᠮᠠᠯ ᠡᠯᠪᠡᠭ ᠪᠦᠲᠦᠭᠡᠭᠳᠡᠬᠦᠨ ᠤ ᠡᠭᠦᠯᠳᠡᠷ ᠢ ᠰᠣᠩᠭᠤᠨ ᠬᠡᠷᠡᠭᠯᠡᠬᠦ᠂ ᠵᠦᠶ | ᠵᠣᠬᠢᠰᠲᠠᠶ ᠨᠢᠭᠲᠠ ᠲᠠᠷᠢᠬᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠢ | ᠰᠤᠳᠤᠯᠵᠤ᠂ ᠮᠠᠷᠢᠶ᠎ᠠ ᠰᠢᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠦᠨ ᠥᠨᠳᠥᠷ ᠤᠨᠠᠯᠲᠠ ᠲᠠᠢ ᠲᠠᠷᠢᠵᠤ | ᠪᠣᠶᠢᠵᠢᠭᠤᠯᠬᠤ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠬᠤ ᠶᠢᠨ ᠤᠯᠠᠮ ᠠᠴᠠ ᠮᠠᠨ ᠤ ᠰᠢᠶᠠᠨ ᠤ ᠲᠠᠷᠢᠶᠠᠯᠠᠩ ᠤᠨ | ᠪᠣᠬᠢᠷᠲᠤᠯ ᠦᠭᠡᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ ᠃ ( ᠲᠦᠷᠦᠭᠦᠯᠡᠨ ᠬᠠᠷᠢᠭᠤᠴᠠᠬᠤ ᠨᠢᠭᠡᠴᠢ᠄ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠢ᠄ ᠥᠪᠥᠷ ᠮᠣᠩᠭᠤᠯ ᠤᠨ ᠢ ᠮᠢᠨ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠃ | 3 . ᠬᠤᠷᠴᠢᠨ ᠤ ᠡᠯᠡᠰᠦᠷᠬᠡᠭ ᠭᠠᠵᠠᠷ ᠤᠨ ᠣᠶ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢᠨ | ᠣᠶᠢᠷᠠᠯᠴᠠᠬᠢ ᠠᠶᠠᠨᠳᠠᠭᠠᠨ ᠰᠡᠷᠭᠦᠬᠦ ᠪᠠ ᠠᠮᠢ ᠠᠬᠤᠶ ᠶᠢᠨ ᠰᠢᠰᠲ᠋ᠧᠮ ᠢ ᠦᠷᠭᠦᠯᠵᠢᠯᠡᠨ ᠪᠠᠲᠤᠯᠠᠬᠤ ᠮᠡᠷᠭᠡᠵᠢᠯ ᠤᠨ | ᠬᠤᠷᠠᠮᠠᠯ ᠵᠢᠱᠢᠶ᠎ᠡ ᠦᠵᠡᠭᠦᠯᠬᠦ ᠲᠥᠷᠥᠯ ᠵᠦᠶᠯ ᠢ ᠲᠡᠮᠡᠴᠡᠨ ᠣᠯᠤᠨ᠎ᠠ ᠃ ᠳᠤᠮᠳᠠᠳᠤ ᠤᠯᠤᠰ ᠤᠨ ᠲᠠᠷᠢᠶᠠᠯᠠᠩ ᠤᠨ | ᠶᠡᠭᠡ ᠰᠤᠷᠭᠠᠭᠤᠯᠢ ᠶᠢᠨ ᠡᠪᠡᠰᠦᠨ ᠤ ᠦᠶᠯᠡᠰ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠤᠨ ᠳᠡᠭᠡᠳᠦ | ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠬᠢᠭᠡᠳ ᠮᠡᠳᠡᠭᠡ | ᠵᠠᠩᠭᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠬᠤᠷᠴᠢᠨ ᠤ | ᠡᠯᠡᠰᠦᠷᠬᠡᠭ ᠭᠠᠵᠠᠷ ᠤᠨ ᠠᠯᠤᠰ ᠰᠡᠷᠡᠯ ᠤᠨ ᠴᠠᠭ ᠬᠤᠭᠤᠴᠠᠭ᠎ᠠ ᠣᠷᠣᠨ ᠵᠠᠶ ᠶᠢ ᠬᠢᠨᠠᠨ ᠬᠡᠮᠵᠢᠵᠦ ᠵᠠᠳᠠᠯᠤᠯᠲᠠ ᠬᠢᠬᠦ | ᠂ ᠳᠠᠪᠬᠤᠴᠠᠮᠠᠯ ᠬᠥᠮᠦᠨ ᠢᠶᠠᠷ ᠬᠠᠮᠢᠶᠠᠷᠤᠭᠤᠯᠤᠨ ᠠᠰᠢᠭᠯᠠᠬᠤ ᠠᠵᠢᠯᠯᠠᠭ᠎ᠠ ᠶᠢ ᠠᠰᠢᠭᠯᠠᠨ᠂ ᠨᠤᠲᠤᠭ ᠪᠡᠯᠴᠢᠭᠡᠷ ᠤᠨ | ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠤ ᠰᠤᠷᠪᠤᠯᠵᠢ ᠶᠢ ᠬᠠᠳᠠᠭᠠᠯᠠᠬᠤ᠂ ᠠᠭᠤᠷ | ᠠᠮᠢᠰᠬᠤᠯ ᠢ ᠲᠣᠬᠢᠷᠠᠭᠤᠯᠬᠤ ᠵᠡᠷᠭᠡ ᠠᠮᠢ ᠠᠬᠤᠶ ᠶᠢᠨ ᠴᠢᠳᠠᠮᠵᠢ ᠪᠠᠷ ᠬᠠᠷᠠᠯᠲᠠ ᠪᠣᠯᠭᠠᠵᠤ᠂ ᠬᠤᠷᠴᠢᠨ ᠤ | ᠡᠯᠡᠰᠦᠷᠬᠡᠭ ᠭᠠᠵᠠᠷ ᠤᠨ ᠠᠮᠢ ᠠᠬᠤᠶ ᠶᠢᠨ ᠣᠷᠣᠨ ᠵᠠᠶ ᠬᠤᠪᠢᠶᠠᠬᠤ ᠠᠷᠭ᠎ᠠ ᠵᠢᠴᠢ ᠭᠦᠶᠴᠡᠳᠬᠡᠬᠦ ᠲᠤᠭ᠎ᠠ ᠶᠢᠨ | ᠰᠢᠰᠲ᠋ᠧᠮᠵᠢ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠡᠷᠡᠭᠦᠯ᠂ ᠲᠣᠭᠲᠠᠭᠤᠨ | ᠪᠠ ᠦᠷᠭᠦᠯᠵᠢᠯᠡᠨ ᠠᠰᠢᠭᠯᠠᠬᠤ ᠶᠢ ᠦᠨᠡᠨᠬᠦ ᠪᠠᠲᠤᠯᠠᠨ᠎ᠠ︔ ᠡᠯᠡᠰᠦᠷᠬᠡᠭ ᠭᠠᠵᠠᠷ ᠨᠤᠲᠤᠭ ᠪᠡᠯᠴᠢᠭᠡᠷ ᠤᠨ ᠮᠠᠯ ᠠᠵᠤ | ᠠᠬᠤᠶ ᠶᠢᠨ ᠣᠳᠣᠬᠢᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠰᠠᠭᠤᠳᠠᠯ ᠢ ᠰᠢᠶᠳᠪᠦᠷᠢᠯᠡᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ 《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ | ᠮᠥᠩᠭᠦᠨ ᠠᠭᠤᠯᠠ 》 ᠪᠣᠯᠬᠤ ᠶᠢ ᠪᠡᠶᠡᠯᠡᠭᠦᠯᠬᠦ ᠳᠤ ᠴᠢᠩᠭ᠎ᠠ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠃ | ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ | ᠨᠢᠭᠡᠴᠢ᠄ ᠥᠪᠥᠷ ᠮᠣᠩᠭᠤᠯ ᠤᠨ ᠢ ᠮᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ᠃ | 4 . ᠠᠦ᠋ᠰᠲᠷᠠᠯᠢᠶ᠎ᠠ ᠶᠢᠨ ᠬᠦᠢᠲᠡᠨ ᠬᠤᠨᠢ ᠣᠯᠠᠨ ᠬᠡᠭᠡᠯᠲᠦ ᠠᠮᠢᠳᠤ ᠪᠣᠳᠠᠰ ᠢ ᠦᠷᠡᠵᠢᠭᠦᠯᠦᠨ | ᠬᠤᠷᠠᠮᠳᠤᠭᠤᠯᠬᠤ ᠮᠡᠷᠭᠡᠵᠢᠯ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠃ ᠠᠦ᠋ᠰᠲᠷᠠᠯᠢᠶ᠎ᠠ ᠶᠢᠨ ᠬᠦᠢᠲᠡᠨ ᠬᠤᠨᠢ | ᠪᠠᠷ ᠰᠤᠳᠤᠯᠤᠭᠳᠠᠬᠤᠨ ᠪᠣᠯᠭᠠᠵᠤ᠂ ᠳᠡᠰ ᠳᠡᠪᠰᠢᠭᠦᠯᠦᠨ ᠡᠷᠯᠢᠰᠡᠵᠢᠭᠦᠯᠦᠭᠰᠡᠨ ᠰᠠᠭᠤᠷᠢᠨ ᠳᠡᠭᠡᠷ᠎ᠡ ᠠᠦ᠋ᠰᠲᠷᠠᠯᠢᠶ᠎ᠠ | ᠶᠢᠨ ᠬᠦᠢᠲᠡᠨ ᠬᠤᠨᠢᠨ ᠤ ᠰᠢᠯᠢᠳᠡᠭ ᠡᠭᠦᠯᠳᠡᠷ ᠤᠨ ᠡᠬᠢ ᠪᠠᠶᠠᠯᠢᠭ ᠢ ᠣᠯᠵᠤ᠂ ᠴᠤᠭᠯᠠᠷᠠᠯ ᠪᠣᠳᠠᠰᠯᠢᠭ ᠬᠤᠯᠪᠣᠭᠠᠲᠤ | ᠰᠦᠯᠵᠢᠶ᠎ᠡ + ᠲᠡᠵᠢᠭᠡᠨ ᠦᠷᠡᠵᠢᠭᠦᠯᠬᠦ ᠰᠢᠰᠲ᠋ᠧᠮ ᠨᠢ ᠤᠳᠤᠮᠯᠠᠯ ᠤᠨ ᠡᠬᠢ ᠪᠠᠶᠠᠯᠢᠭ ᠤᠨ ᠦᠢᠯᠡᠳᠪᠦᠷᠢᠯᠡᠯ ᠤᠨ | ᠴᠢᠨᠠᠷᠲᠠᠶ ᠢᠯᠡᠷᠡᠯ ᠤᠨ ᠬᠡᠯᠪᠡᠷᠢ ᠶᠢᠨ ᠮᠡᠳᠡᠭᠡ ᠵᠠᠩᠭᠢ ᠶᠢ ᠣᠨᠣᠪᠴᠢᠲᠠᠶ ᠴᠤᠭᠯᠠᠭᠤᠯᠵᠤ᠂ ᠠᠦ᠋ᠰᠲᠷᠠᠯᠢᠶ᠎ᠠ ᠶᠢᠨ | ᠬᠦᠢᠲᠡᠨ ᠬᠤᠨᠢᠨ ᠤ ᠤᠳᠤᠮᠯᠠᠯ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠪᠠ ᠭᠤᠷᠪᠠᠨ ᠳᠡᠰ ᠤᠨ | ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠠᠶᠢᠭᠤᠯᠤᠨ᠎ᠠ︔ ᠢᠴᠡᠭᠡᠯ ᠦᠷ᠎ᠡ ᠶᠢ ᠬᠥᠮᠦᠨ ᠤ ᠬᠦᠴᠦ ᠪᠠᠷ ᠦᠷ᠎ᠡ | ᠲᠣᠭᠲᠠᠭᠠᠬᠤ ᠮᠡᠷᠭᠡᠵᠢᠯ ᠤᠨ ᠰᠢᠰᠲ᠋ᠧᠮᠵᠢ ᠳᠤ ᠰᠠᠭᠤᠷᠢᠯᠠᠨ᠂ ᠠᠳᠠᠯᠢ ᠬᠤᠭᠤᠴᠠᠭᠠᠨ ᠤ ᠣᠷᠤᠭ᠎ᠠ ᠣᠷᠣᠬᠤ᠂ ᠬᠡᠳᠦ | ᠲᠤᠭ᠎ᠠ ᠥᠨᠳᠡᠭᠡᠯᠡᠬᠦ ᠵᠡᠷᠭᠡ ᠮᠡᠷᠭᠡᠵᠢᠯ ᠢ ᠠᠰᠢᠭᠯᠠᠨ᠂ ᠬᠤᠣᠰ ᠪᠣᠳᠠᠭᠠᠯᠢ ᠪᠡᠶ᠎ᠡ ᠪᠠᠷ ᠰᠠᠭᠤᠷᠢ ᠪᠣᠯᠭᠠᠭᠰᠠᠨ ᠡᠮ᠎ᠡ | ᠬᠤᠨᠢ ᠶᠢ ᠰᠣᠩᠭᠤᠨ ᠪᠣᠶᠢᠵᠢᠭᠤᠯᠵᠤ᠂ ᠠᠵᠢᠯᠯᠠᠭᠰᠠᠳ ᠤᠯᠠᠮᠵᠢᠯᠠᠯᠲᠤ ᠠᠷᠭ᠎ᠠ ᠮᠠᠶ ᠢᠭ ᠢᠶᠠᠷ ᠣᠬᠤᠷ | ᠬᠤᠭᠤᠴᠠᠭᠠᠨ ᠤ ᠳᠣᠲᠣᠷᠠᠬᠢ ᠬᠠᠮᠤᠭ ᠤᠨ ᠥᠨᠳᠥᠷ ᠦᠷᠡᠵᠢᠯ ᠤᠨ ᠦᠷ᠎ᠡ ᠪᠦᠲᠦᠮᠵᠢ ᠳᠤ ᠬᠦᠷᠦᠭᠦᠯᠵᠦ᠂ ᠬᠤᠴᠠ | ᠶᠢᠨ ᠪᠣᠳᠠᠭᠠᠯᠢ ᠪᠡᠶ᠎ᠡ ᠶᠢᠨ ᠤᠳᠤᠮᠯᠠᠯ ᠢ ᠦᠨᠡᠯᠡᠨ ᠲᠣᠭᠲᠠᠭᠠᠬᠤ ᠶᠢ ᠬᠡᠷᠡᠭᠵᠢᠭᠦᠯᠵᠦ᠂ ᠡᠷᠯᠢᠰᠡᠵᠢᠭᠦᠯᠬᠦ ᠲᠥᠰᠦᠯ | ᠢᠶᠠᠨ ᠰᠢᠯᠢᠳᠡᠭᠵᠢᠭᠦᠯᠬᠦ ᠶᠢᠨ ᠬᠠᠮᠲᠤ ᠣᠯᠠᠨ ᠬᠦᠪᠦᠷᠡᠯ ᠤᠨ ᠡᠭᠦᠯᠳᠡᠷ ᠤᠨ ᠪᠠᠷᠢᠮᠵᠢᠶ᠎ᠠ ᠶᠢ ᠲᠣᠭᠲᠠᠭᠠᠨ᠎ᠠ︔ ᠣᠳᠣ | ᠦᠶ᠎ᠡ ᠶᠢᠨ ᠮᠣᠯᠧᠺᠦᠯ ᠤᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠣᠨᠣᠯ ᠲᠠᠢ ᠤᠶᠠᠯᠳᠤᠭᠤᠯᠤᠨ᠂ ᠣᠷᠣᠨ | ᠨᠤᠲᠤᠭ ᠤᠨ ᠡᠭᠦᠯᠳᠡᠷ ᠨᠢ ᠣᠨᠣᠪᠴᠢᠲᠠᠶ ᠴᠢᠭᠯᠡᠯᠲᠦ ᠡᠭᠦᠯᠳᠡᠷ ᠪᠣᠶᠢᠵᠢᠭᠤᠯᠬᠤ ᠰᠢᠩᠭᠡᠨ ᠰᠡᠭᠦᠳᠡᠷ ᠤᠨ ᠴᠢᠫ ᠢ | ᠲᠣᠭᠲᠠᠭᠠᠵᠤ᠂ ᠪᠦᠯᠦᠭᠯᠡᠯ ᠤᠨ ᠪᠦᠲᠦᠮᠵᠢᠲᠡᠶ ᠠᠭᠤᠯᠤᠭᠳᠠᠴᠠ ᠶᠢ ᠦᠨᠡᠯᠡᠨ ᠵᠢᠱᠢᠵᠦ᠂ ᠤᠳᠤᠮᠰᠢᠯ ᠤᠨ ᠣᠯᠠᠨ | ᠶᠠᠩᠵᠤᠲᠤ ᠴᠢᠨᠠᠷ ᠪᠣᠯᠤᠨ ᠤᠳᠤᠮᠰᠢᠯ ᠤᠨ ᠵᠠᠶ ᠶᠢᠨ ᠵᠠᠳᠠᠯᠤᠯᠲᠠ ᠬᠢᠵᠦ᠂ ᠦᠷ᠎ᠡ ᠡᠳ᠋ ᠤᠨ ᠡᠬᠢ ᠪᠠᠶᠠᠯᠢᠭ ᠢ | ᠨᠡᠭᠡᠭᠡᠬᠦ ᠪᠠ ᠠᠰᠢᠭᠯᠠᠬᠤ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠠᠦ᠋ᠰᠲᠷᠠᠯᠢᠶ᠎ᠠ ᠶᠢᠨ ᠬᠦᠢᠲᠡᠨ ᠬᠤᠨᠢᠨ ᠤ | ᠮᠣᠯᠧᠺᠦᠯ ᠤᠨ ᠡᠭᠦᠯᠳᠡᠷ ᠪᠣᠶᠢᠵᠢᠭᠤᠯᠬᠤ ᠲᠠᠪᠴᠠᠩ ᠢ ᠪᠠᠶᠢᠭᠤᠯᠵᠤ᠂ ᠠᠮᠢᠲᠠᠨ ᠤ ᠵᠠᠭᠪᠤᠷ ᠢ ᠰᠢᠯᠢᠳᠡᠭᠵᠢᠭᠦᠯᠦᠨ ᠭᠧᠨ | ᠤ ᠪᠦᠯᠦᠭ ᠤᠨ ᠰᠣᠩᠭᠤᠨ ᠡᠭᠦᠯᠳᠡᠷ ᠪᠣᠶᠢᠵᠢᠭᠤᠯᠬᠤ ᠶᠢ ᠪᠡᠶᠡᠯᠡᠭᠦᠯᠦᠨ᠎ᠡ ᠃ ( ᠲᠦᠷᠦᠭᠦᠯᠡᠨ ᠬᠠᠷᠢᠭᠤᠴᠠᠬᠤ | ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠢ᠄ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠳ᠋ᠢ ᠾᠧᠦ ᠮᠠᠯ ᠠᠵᠤ ᠠᠬᠤᠶ ᠶᠢᠨ ᠬᠢᠵᠠᠭᠠᠷᠲᠤ | ᠺᠣᠮᠫᠠᠨᠢ᠃ | 5 . ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠲᠡᠷᠢᠭᠦᠨ ᠤ ᠦᠷ᠎ᠡ ᠪᠦᠲᠦᠭᠡᠯ | ᠢ ᠤᠯᠠᠷᠢᠭᠤᠯᠬᠤ ᠶᠢ ᠠᠬᠢᠭᠤᠯᠤᠨ᠎ᠠ ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠢᠩᠭᠠᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠡᠷᠳᠡᠨᠢ ᠰᠢᠰᠢ ᠶᠢᠨ ᠡᠰᠢ ᠰᠦᠷᠡᠯ ᠤᠨ | ᠠᠮᠢᠳᠤ ᠪᠣᠳᠠᠰ ᠤᠨ ᠣᠷᠭᠠᠨᠢᠭ ᠪᠣᠷᠲᠣᠭᠤᠷ ᠢ ᠰᠤᠳᠤᠯᠤᠨ ᠨᠡᠭᠡᠭᠡᠵᠦ ᠬᠡᠷᠡᠭᠯᠡᠬᠦ ᠰᠡᠳᠦᠪ ᠢ ᠥᠷᠨᠢᠭᠦᠯᠦᠨ᠎ᠡ ᠃ | ᠡᠷᠳᠡᠨᠢ ᠰᠢᠰᠢ ᠶᠢᠨ ᠡᠰᠢ ᠰᠦᠷᠡᠯ ᠤᠨ ᠠᠮᠢᠳᠤ ᠪᠣᠳᠠᠰ ᠤᠨ ᠣᠷᠭᠠᠨᠢᠭ ᠪᠣᠷᠳᠣᠭᠤᠷ ᠦᠢᠯᠡᠳᠪᠦᠷᠢᠯᠡᠬᠦ ᠵᠠᠩᠭᠢᠯᠠᠭ᠎ᠠ | ᠶᠢᠨ ᠮᠡᠷᠭᠡᠵᠢᠯ ᠢ ᠣᠯᠬᠤ ᠪᠠᠷ ᠳᠠᠮᠵᠢᠨ᠂ ᠡᠷᠳᠡᠨᠢ ᠰᠢᠰᠢ ᠶᠢᠨ ᠡᠰᠢ ᠰᠦᠷᠡᠯ ᠤᠨ ᠠᠮᠢᠳᠤ ᠪᠣᠳᠠᠰ ᠤᠨ ᠣᠷᠭᠠᠨᠢᠭ | ᠪᠣᠷᠳᠣᠭᠤᠷ ᠤᠨ ᠲᠠᠷᠢᠮᠠᠯ ᠤᠨ ᠥᠰᠥᠯᠲᠡ ᠪᠣᠶᠢᠵᠢᠯᠲᠠ ᠳᠠᠬᠢ ᠲᠠᠷᠢᠮᠠᠯ ᠤᠨ ᠦᠨᠳᠦᠰᠦ ᠶᠢᠨ ᠰᠢᠰᠲ᠋ᠧᠮ ᠤᠨ ᠰᠢᠮ᠎ᠡ | ᠲᠡᠵᠢᠭᠡᠯ ᠢ ᠰᠢᠩᠭᠡᠭᠡᠨ ᠠᠪᠬᠤ᠂ ᠭᠠᠵᠠᠷ ᠳᠡᠭᠡᠷᠡᠬᠢ ᠬᠡᠰᠡᠭ ᠤᠷᠭᠤᠯᠲᠠ ᠳᠤ ᠦᠵᠡᠭᠦᠯᠬᠦ ᠨᠥᠯᠥᠭᠡ ᠶᠢᠨ ᠰᠤᠳᠤᠯᠤᠯ | ᠢ ᠤᠯᠠᠮ ᠨᠢᠭᠡ ᠠᠯᠬᠤᠮ ᠥᠷᠨᠢᠭᠦᠯᠵᠦ᠂ ᠡᠷᠳᠡᠨᠢ ᠰᠢᠰᠢ ᠶᠢᠨ ᠡᠰᠢ ᠰᠦᠷᠡᠯ ᠤᠨ ᠠᠮᠢᠳᠤ ᠪᠣᠳᠠᠰ ᠤᠨ ᠣᠷᠭᠠᠨᠢᠭ | ᠪᠣᠷᠳᠣᠭᠤᠷ ᠢ ᠦᠢᠯᠡᠳᠪᠦᠷᠢᠯᠡᠬᠦ ᠪᠠ ᠬᠡᠷᠡᠭᠯᠡᠬᠦ ᠬᠤᠷᠠᠮᠠᠯ ᠲᠥᠰᠦᠯ ᠢ ᠰᠤᠳᠤᠯᠤᠨ ᠶᠠᠷᠢᠯᠴᠠᠵᠤ᠂ ᠮᠠᠨ ᠤ ᠰᠢᠶᠠᠨ | ᠴᠢᠨᠠᠭᠰᠢᠯᠠᠪᠠᠯ ᠪᠦᠬᠦ ᠠᠶᠢᠮᠠᠭ ᠤᠨ ᠡᠷᠳᠡᠨᠢ ᠰᠢᠰᠢ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠠᠮᠢᠳᠤ | ᠪᠣᠳᠠᠰ ᠤᠨ ᠣᠷᠭᠠᠨᠢᠭ ᠪᠣᠷᠳᠣᠭᠤᠷ ᠦᠢᠯᠡᠳᠪᠦᠷᠢᠯᠡᠬᠦ᠂ ᠬᠠᠷ᠎ᠠ ᠬᠥᠷᠥᠰᠥ ᠶᠢ ᠬᠠᠮᠠᠭᠠᠯᠠᠬᠤ ᠵᠡᠷᠭᠡ ᠲᠠᠷᠢᠶᠠᠯᠠᠩ ᠤᠨ | ᠦᠷᠭᠦᠯᠵᠢᠯᠡᠨ ᠬᠥᠭᠵᠢᠬᠦ ᠳᠤ ᠵᠣᠬᠢᠬᠤ ᠣᠨᠣᠯ ᠤᠨ ᠦᠨᠳᠦᠰᠦᠯᠡᠯ ᠪᠠ ᠬᠦᠴᠦᠨ ᠪᠦᠬᠦᠢ ᠮᠡᠷᠭᠡᠵᠢᠯ ᠤᠨ | ᠲᠤᠯᠭᠠᠭᠤᠷᠢᠯᠠᠯ ᠬᠠᠩᠭᠠᠬᠤ ᠬᠡᠷᠡᠭᠲᠡᠶ ᠃ ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠢ᠄ ᠥᠪᠥᠷ ᠮᠣᠩᠭᠤᠯ ᠤᠨ ᠢ ᠮᠢᠨ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠃ | 6 . ᠮᠠᠨ ᠤ ᠰᠢᠶᠠᠨ ᠤ ᠢᠳᠡᠭᠡᠨ ᠤ ᠦᠵᠡᠯᠲᠡ ᠶᠢᠨ ᠦᠶᠯᠡᠳᠦᠯᠭᠡ ᠶᠢᠨ ᠰᠢᠨ᠎ᠡ ᠶᠢ ᠡᠭᠦᠳᠬᠦ ᠲᠣᠮᠣ | ᠰᠠᠭᠤᠷᠢᠨ ᠭᠠᠵᠠᠷ ᠢ ᠪᠠᠶᠢᠭᠤᠯᠤᠨ᠎ᠠ ᠃ | ᠨᠢᠭᠡ ᠳᠤ᠂ ᠬᠤᠯᠪᠣᠭᠳᠠᠯ ᠪᠦᠬᠦᠢ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠶᠢ ᠣᠷᠣᠭᠤᠯᠤᠨ ᠠᠪᠴᠢᠷᠠᠵᠤ᠂ | ᠮᠠᠨ ᠤ ᠰᠢᠶᠠᠨ ᠤ ᠵᠢᠷᠭᠤᠭᠠᠨ ᠡᠷᠦᠭᠡ ᠪᠠᠯᠭᠠᠰᠤᠨ ᠳᠤ ᠬᠤᠨᠢᠨ ᠭᠡᠳᠡᠰᠦᠨ ᠤ ᠪᠠᠺᠲ᠋ᠧᠷᠢ᠂ ᠤᠯᠠᠭᠠᠨ ᠨᠠᠷᠠᠰᠤᠨ | ᠴᠢᠰᠤᠨ ᠡᠪᠡᠷ ᠤᠨ ᠰᠢᠨ᠎ᠡ ᠦᠷ᠎ᠡ ᠶᠢ ᠴᠡᠪᠡᠷᠰᠢᠭᠦᠯᠵᠦ᠂ ᠲᠤᠰ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠳᠤ | ᠲᠤᠬᠢᠷᠠᠬᠤ ᠮᠦᠭᠦ ᠶᠢᠨ ᠰᠢᠨ᠎ᠡ ᠲᠦᠷᠦᠯ ᠵᠦᠢᠯ ᠢ ᠰᠤᠳᠤᠯᠤᠨ ᠨᠡᠭᠡᠭᠡᠨ᠎ᠡ ᠃ ᠰᠢᠳ ᠮᠥᠭᠦ ᠶᠢ ᠬᠥᠮᠦᠨ ᠤ ᠬᠦᠴᠦ | ᠪᠠᠷ ᠳᠠᠰᠬᠠᠬᠤ ᠬᠡᠮᠵᠢᠶ᠎ᠡ ᠶᠢ ᠪᠡᠶᠡᠯᠡᠭᠦᠯᠦᠨ᠎ᠡ ᠃ ᠮᠠᠨ ᠤ ᠰᠢᠶᠠᠨ ᠤ ᠢᠳᠡᠭᠡᠨ ᠤ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠪᠠ ᠮᠡᠷᠭᠡᠵᠢᠯ ᠢ ᠲᠥᠪᠯᠡᠷᠡᠭᠦᠯᠦᠨ ᠢᠵᠢ ᠪᠦᠷᠢᠳᠦᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ | ᠪᠡᠶᠡᠯᠡᠭᠦᠯᠦᠨ᠎ᠡ ᠃ ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ | ᠬᠠᠮᠵᠢᠯᠴᠠᠬᠤ ᠨᠢᠭᠡᠴᠡ᠄ ᠯᠢᠦ ᠬᠤ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠢᠩᠭᠠᠨ ᠠᠶᠢᠮᠠᠭ ᠤᠨ | ᠬᠤᠶ᠋ᠳᠧ ᠲᠠᠷᠢᠶᠠᠯᠠᠩ ᠤᠨ ᠬᠢᠵᠠᠭᠠᠷᠲᠤ ᠺᠣᠮᠫᠠᠨᠢ᠃ | ᠬᠤᠶᠠᠷ ᠲᠤ᠂ ᠵᠣᠬᠢᠶᠠᠯ ᠤᠨ ᠲᠢᠲᠢᠮ ᠵᠢᠮᠢᠰ ᠤᠨ ᠰᠢᠷᠢᠰ ᠦᠶᠯᠡᠳᠬᠦᠨ ᠤ ᠰᠤᠳᠤᠯᠤᠨ ᠨᠡᠭᠡᠭᠡᠬᠦ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠨᠡᠮᠡᠭᠳᠡᠭᠦᠯᠬᠦ ᠶᠢ ᠰᠦᠪᠡᠭᠴᠢᠯᠡᠨ᠎ᠡ ᠃ ᠠᠵᠤ ᠠᠬᠤᠶᠢᠯᠠᠯ ᠪᠣᠯᠤᠨ ᠶᠡᠭᠡ | ᠳᠡᠭᠡᠳᠦ ᠰᠤᠷᠭᠠᠭᠤᠯᠢ ᠬᠠᠮᠲᠤᠷᠠᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠᠷ ᠳᠠᠮᠵᠢᠭᠤᠯᠤᠨ᠂ ᠪᠢᠴᠢᠭ ᠤᠨ | ᠲᠢᠲᠢᠮ ᠵᠢᠮᠢᠰ ᠤᠨ ᠰᠢᠷᠢᠰ ᠪᠦᠲᠦᠭᠡᠭᠳᠡᠬᠦᠨ ᠤ ᠳᠠᠯᠳᠠ ᠥᠷᠲᠡᠭ ᠢ ᠲᠠᠰᠤᠷᠠᠯᠲᠠ ᠥᠬᠡᠶ ᠠᠭᠤᠳᠠᠯᠤᠨ᠎ᠠ ᠃ ( | ᠲᠦᠷᠦᠭᠦᠯᠡᠨ ᠬᠠᠷᠢᠭᠤᠴᠠᠬᠤ ᠨᠢᠭᠡᠴᠡ᠄ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠃ ᠬᠠᠮᠵᠢᠯᠴᠠᠬᠤ | ᠨᠢᠭᠡᠴᠢ᠄ ᠯᠢᠨ ᠳᠧᠦ ᠺᠣᠮᠫᠠᠨᠢ | ᠭᠤᠷᠪᠠ ᠳᠤ᠂ ᠬᠥᠷᠥᠰᠥ ᠰᠢᠷᠣᠶ ᠶᠢᠨ ᠬᠠᠩᠭᠠᠯᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠭᠠᠳᠠᠷ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠲᠠᠢ ᠬᠠᠮᠲᠤᠷᠠᠨ ᠰᠠᠷᠢᠮᠰᠠᠭ ᠤᠨ ᠵᠦᠶᠯ᠂ ᠬᠥᠷᠥᠰᠥ ᠰᠢᠷᠣᠶ | ᠶᠢ ᠠᠷᠢᠭᠤᠳᠬᠠᠵᠤ᠂ ᠣᠷᠭᠠᠨᠢᠭ ᠪᠣᠷᠲᠣᠭᠤᠷ ᠢᠶᠠᠷ ᠳᠠᠮᠵᠢᠭᠤᠯᠤᠨ ᠬᠥᠷᠥᠰᠥ ᠰᠢᠷᠣᠶ ᠶᠢ ᠰᠠᠶᠢᠵᠢᠷᠠᠭᠤᠯᠵᠤ᠂ | ᠣᠷᠭᠠᠨᠢᠭ ᠪᠣᠷᠲᠣᠭᠤᠷ ᠰᠦᠷᠴᠢᠨ ᠣᠷᠣᠭᠤᠯᠬᠤ ᠬᠠᠷᠢᠴᠠᠭᠤᠯᠤᠭᠰᠠᠨ ᠲᠤᠷᠰᠢᠯᠲᠠ ᠶᠢ ᠥᠷᠨᠢᠭᠦᠯᠵᠦ᠂ ᠲᠠᠢ ᠫᠢᠩ | ᠰᠢᠶᠠᠩ ᠤᠨ ᠪᠣᠷᠣ ᠰᠠᠷᠢᠮᠰᠠᠭ ᠤᠨ ᠳᠣᠲᠣᠷᠠᠬᠢ ᠪᠢᠴᠢᠯ ᠡᠯᠧᠮᠧᠨ᠋ᠲ ᠤᠨ ᠠᠭᠤᠯᠤᠭᠳᠠᠴᠠ ᠶᠢ ᠰᠢᠨᠵᠢᠯᠡᠬᠦ ᠤᠬᠠᠭᠠᠨᠴᠢ | ᠪᠠᠷ ᠳᠡᠭᠡᠭᠰᠢᠯᠡᠭᠦᠯᠦᠨ᠎ᠡ ᠃ ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ ᠃ ᠬᠠᠮᠵᠢᠯᠴᠠᠬᠤ ᠨᠢᠭᠡᠴᠢ᠄ ᠲᠠᠢ ᠫᠢᠩ ᠰᠢᠶᠠᠩ᠂ ᠲᠦᠴᠢᠦᠸᠠᠨ ᠰᠢᠶᠠᠨ ᠤ ᠰᠢᠩ ᠮᠦ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠃ | 7 . ᠰᠢᠷ᠎ᠠ ᠪᠤᠷᠴᠠᠭ ᠤᠨ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠬᠥᠲᠥᠯᠥᠨ ᠳᠠᠭᠠᠭᠤᠯᠬᠤ ᠴᠢᠨᠠᠷᠲᠠᠶ | ᠥᠨᠳᠦᠷᠯᠢᠭ ᠭᠠᠵᠠᠷ ᠪᠠᠶᠢᠭᠤᠯᠬᠤ ᠠᠵᠢᠯ ᠢ ᠬᠠᠮᠵᠢᠯᠴᠠᠨ ᠥᠷᠨᠢᠭᠦᠯᠦᠨ᠎ᠡ ᠃ ᠪᠦᠬᠦ ᠰᠢᠶᠠᠨ ᠳᠤ ᠠᠮᠢᠳᠤ ᠪᠣᠳᠠᠰ ᠤᠨ | ᠦᠷ᠎ᠡ ᠪᠣᠶᠢᠵᠢᠭᠤᠯᠬᠤ ᠰᠢᠷ᠎ᠠ ᠪᠤᠷᠴᠠᠭ ᠲᠠᠷᠢᠬᠤ ᠲᠠᠯᠠᠪᠠᠢ ᠶᠢ 4 . 2 ᠲᠦᠮᠡᠨ ᠮᠦ ᠠᠴᠠ ᠳᠡᠭᠡᠭᠰᠢ ᠳᠡᠯᠭᠡᠷᠡᠭᠦᠯᠪᠡ ᠃ | ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ) | 8 . ᠤᠭ ᠰᠢᠷᠬᠡᠭ ᠤᠨ ᠦᠶᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠶᠯ ᠢ ᠮᠠᠨ ᠤ ᠰᠢᠶᠠᠨ ᠳᠤ | ᠮᠡᠷᠭᠡᠵᠢᠯ ᠢ ᠤᠯᠠᠷᠢᠭᠤᠯᠬᠤ ᠶᠢ ᠪᠡᠶᠡᠯᠡᠭᠦᠯᠦᠨ᠎ᠡ ᠃ ᠵᠦᠩ ᠨᠦᠩ ᠰᠢᠨ ᠪᠡᠯᠡ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠮᠠᠨ ᠤ ᠰᠢᠶᠠᠨ ᠳᠤ ᠰᠢᠤᠸᠠᠨ ᠡᠦ ᠶᠠᠨ ᠯᠠ ᠰᠧ ᠮᠡᠷᠭᠡᠵᠢᠯ ᠤᠨ ᠲᠤᠷᠰᠢᠯᠲᠠ ᠵᠢᠴᠢ ᠦᠷ᠎ᠡ ᠪᠦᠲᠦᠭᠡᠯ ᠢ | ᠣᠨᠳᠣᠣᠰᠢᠭᠤᠯᠬᠤ ᠠᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠢᠦ | ᠵᠢᠶᠠ ᠴᠢ ᠠᠺᠠᠳᠧᠮᠢᠴᠢ ᠮᠡᠷᠭᠡᠵᠢᠯ ᠤᠨ ᠳᠡᠮᠵᠢᠯᠭᠡ ᠬᠠᠩᠭᠠᠵᠤ᠂ ᠲᠦᠷᠦᠯ ᠵᠦᠢᠯ ᠠᠮᠵᠢᠯᠲᠠ ᠲᠠᠢ ᠪᠠᠷ ᠠᠰᠢᠭᠯᠠᠯᠲᠠ | ᠳᠤ ᠤᠷᠤᠭᠰᠠᠨ ᠤ ᠳᠠᠷᠠᠭ᠎ᠠ᠂ ᠵᠢᠯ ᠳᠤ 1 ᠲᠦᠮᠡᠨ ᠲᠣᠨ ᠦᠷᠭᠦᠯᠵᠢᠯᠡᠨ ᠰᠢᠤᠸᠠᠨ ᠡᠦ ᠶᠠᠨ ᠰᠢᠷᠬᠡᠭᠯᠢᠭ ᠰᠢᠷᠬᠡᠭ | ᠦᠢᠯᠡᠳᠪᠦᠷᠢᠯᠡᠬᠦ ᠬᠠᠷᠠᠯᠲᠠ ᠲᠣᠭᠲᠠᠵᠤ᠂ ᠰᠢᠤᠸᠠᠨ ᠡᠦ ᠶᠠᠨ ᠯᠠ ᠰᠧ ᠶᠢᠨ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠶᠢ ᠪᠡᠶᠡᠯᠡᠭᠦᠯᠬᠦ ᠪᠣᠯᠤᠨ᠎ᠠ ᠃ ( ᠲᠦᠷᠦᠭᠦᠯᠡᠨ ᠬᠠᠷᠢᠭᠤᠴᠠᠬᠤ ᠨᠢᠭᠡᠴᠡ᠄ ᠠᠵᠤ ᠦᠶᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠃ ᠬᠠᠮᠵᠢᠯᠴᠠᠬᠤ ᠨᠢᠭᠡᠴᠢ᠄ ᠵᠦᠩ ᠨᠦᠩ ᠰᠢᠨ ᠪᠡᠯᠡ ᠣᠷᠣᠭᠤᠯᠤᠯᠲᠠ | ᠶᠢᠨ ᠬᠢᠵᠠᠭᠠᠷᠲᠤ ᠺᠣᠮᠫᠠᠨᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠃ | ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠃ ᠰᠢᠶᠠᠨ ᠤ ᠨᠠᠮ | ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠶᠢ | ᠰᠢᠪᠲᠤᠯᠬᠤ 》 ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠰᠢᠨ᠎ᠡ ᠴᠢᠨᠠᠷ | ᠤᠨ ᠦᠶᠯᠡᠳᠪᠦᠷᠢᠯᠡᠯ ᠤᠨ ᠬᠦᠴᠦᠨ ᠢ ᠴᠣᠭᠴᠠᠯᠠᠬᠤ 《 ᠲᠠᠪᠤᠨ ᠶᠡᠭᠡ ᠬᠦᠷᠢᠶ᠎ᠡ 》᠂ 《 ᠨᠠᠶᠮᠠᠨ ᠴᠢᠭᠯᠡᠯ 》 | ᠤᠨ ᠲᠣᠭᠤᠷᠢᠨ ᠳᠤ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ᠂ ᠵᠠᠷᠤᠳᠠᠯ ᠤᠨ ᠲᠣᠬᠢᠷᠠᠭᠤᠯᠤᠯᠲᠠ᠂ ᠲᠥᠷᠥᠯ ᠵᠦᠶᠯ ᠤᠨ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢ ᠲᠡᠮᠡᠴᠡᠨ ᠤᠯᠬᠤ᠂ ᠲᠥᠷᠥᠯ ᠵᠦᠶᠯ ᠤᠨ ᠬᠡᠷᠡᠭᠵᠢᠭᠦᠯᠦᠯᠲᠡ᠂ ᠱᠠᠯᠠᠪᠳᠠᠭᠤᠯᠤᠨ | ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠡᠯ᠎ᠡ ᠵᠦᠶᠯ ᠤᠨ ᠠᠵᠢᠯ ᠤᠨ ᠠᠷᠭ᠎ᠠ ᠬᠡᠮᠵᠢᠶ᠎ᠡ | ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠃ ᠵᠠᠰᠠᠭ ᠤᠨ ᠣᠷᠳᠣᠨ + ᠲᠠᠷᠢᠶᠠᠯᠠᠩ ᠤᠨ ᠰᠢᠨᠵᠢᠯᠡᠬᠦ | ᠤᠬᠠᠭᠠᠨ + ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ | ᠵᠠᠰᠠᠭ᠂ ᠣᠶ ᠰᠢᠭᠤᠶ ᠡᠪᠡᠰᠦ ᠪᠡᠯᠴᠢᠭᠡᠷ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢᠶᠠᠷ ᠪᠦᠷᠢᠯᠳᠦᠭᠰᠡᠨ | ᠬᠠᠮᠵᠢᠯᠴᠠᠨ ᠵᠥᠪᠳᠡᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠂ ᠲᠣᠰ ᠲᠥᠰᠦᠯ ᠤᠨ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠲᠤᠶᠢᠯ ᠤᠨ ᠣᠨᠣᠪᠴᠢᠲᠠᠶ | ᠪᠠᠷ ᠨᠠᠶᠢᠳᠠᠪᠤᠷᠢᠵᠢᠭᠤᠯᠤᠨ᠎ᠠ ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠰᠢᠨᠵᠢᠯᠡᠬᠦ ᠤᠬᠠᠭᠠᠨ | ᠮᠡᠷᠭᠡᠵᠢᠯ ᠤᠨ 《 ᠪᠦᠰᠡᠯᠡᠯᠲᠡ ᠶᠢ ᠰᠢᠪᠲᠤᠯᠬᠤ 》 ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ | ᠬᠠᠷᠢᠭᠤᠴᠠᠬᠤ ᠶᠢᠨ ᠬᠠᠮᠲᠤ ᠠᠵᠢᠯ ᠤᠨ ᠵᠣᠬᠢᠴᠠᠭᠤᠯᠬᠤ ᠪᠠ ᠲᠦᠯᠬᠢᠨ ᠠᠬᠢᠭᠤᠯᠬᠤ ᠲᠣᠭᠲᠠᠴᠠ ᠪᠠᠶᠢᠭᠤᠯᠬᠤ ᠶᠢ | ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠢᠶᠠᠩ ᠪᠠᠯᠭᠠᠰᠤ ᠶᠢᠨ ᠲᠦᠯᠬᠢᠨ ᠠᠬᠢᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠴᠢᠬᠤᠯᠠ ᠶᠡᠭᠡ ᠤᠴᠢᠷ | ᠶᠠᠪᠤᠳᠠᠯ ᠢ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ ᠃ ( | ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ | ᠨᠢᠭᠡᠴᠢ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠳᠤᠭᠤᠶᠢᠯᠠᠩ ᠤᠨ ᠪᠤᠰᠤᠳ | ᠪᠦᠷᠢᠯᠳᠦᠬᠦᠨ ᠨᠢᠭᠡᠴᠢ | ( ᠬᠤᠶᠠᠷ ) ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ᠰᠢᠨᠵᠢᠯᠡᠬᠦ ᠤᠬᠠᠭᠠᠨ | ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠶᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ | ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ | ᠶᠢ ᠪᠠᠶᠢᠭᠤᠯᠤᠨ᠂ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠬᠠᠤᠯᠢ | ᠲᠣᠭᠲᠠᠭᠠᠯ ᠶᠣᠰᠣᠭᠠᠷ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ ᠃ ( | ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ | ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ | ᠶᠢᠨ ᠬᠤᠷᠢᠶ᠎ᠠ᠂ ᠣᠷᠣᠨ ᠲᠣᠭᠠᠨ ᠤ ᠠᠯᠪᠠᠨ ᠭᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠃ | ( ᠭᠤᠷᠪᠠ ) ᠣᠷᠣᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠤᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠤᠯ ᠴᠣᠭᠴᠠ | ᠪᠣᠯᠭᠠᠭᠰᠠᠨ᠂ ᠨᠡᠶᠢᠭᠡᠮ ᠤᠨ ᠬᠢᠨ ᠣᠷᠣᠯᠴᠠᠭᠰᠠᠨ ᠪᠥᠬᠦ ᠲᠠᠯ᠎ᠠ ᠶᠢᠨ ᠣᠷᠣᠭᠤᠯᠤᠯᠲᠠ ᠶᠢᠨ ᠪᠠᠶᠢᠷᠢᠰᠢᠯ ᠢ | ᠪᠠᠶᠢᠭᠤᠯᠵᠤ᠂ ᠪᠠᠯᠠ ᠮᠥᠩᠭᠦ ᠶᠢ ᠳᠡᠭᠡᠭᠰᠢ ᠤᠯᠬᠤ ᠡᠷᠴᠢᠮ ᠢᠶᠠᠨ ᠴᠢᠩᠭᠠᠷᠠᠭᠤᠯᠤᠨ᠂ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠴᠢᠩᠭ᠎ᠠ | ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢᠨ ᠬᠤᠪᠢᠷᠠᠰᠢ ᠥᠬᠡᠶ ᠴᠢᠨᠠᠷᠲᠠᠶ ᠨᠡᠮᠡᠭᠳᠡᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ | ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠢ 30 % ᠠᠴᠠ ᠳᠡᠭᠡᠭᠰᠢ ᠳᠤ | ᠬᠦᠷᠦᠭᠦᠯᠦᠨ᠎ᠡ ᠃ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠶᠢ ᠰᠢᠪᠲᠤᠯᠬᠤ 》 | ᠲᠥᠷᠥᠯ ᠵᠦᠶᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠤᠷᠢᠳᠠᠪᠠᠷ | ᠪᠠᠲᠤᠯᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠳᠤ ᠨᠢᠭᠡ ᠨᠢᠭᠡ ᠤᠴᠢᠷ | ᠶᠠᠪᠤᠳᠠᠯ ᠢᠶᠠᠷ ᠵᠥᠪᠯᠡᠬᠦ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠦᠶᠯᠡᠳᠦᠯ ᠢ ᠪᠠᠳᠠᠷᠠᠭᠤᠯᠵᠤ | ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠠᠷᠠᠳ ᠤᠨ ᠳᠤᠮᠳᠠᠬᠢ ᠪᠠ ᠨᠡᠶᠢᠭᠡᠮ ᠤᠨ ᠬᠥᠷᠥᠩᠭᠡ ᠶᠢ | ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ ᠃ | ᠡᠯ᠎ᠡ ᠲᠥᠷᠥᠯ ᠤᠨ ᠡᠳ᠋ ᠤᠨ ᠵᠠᠰᠠᠭ ᠤᠨ ᠣᠷᠣᠭᠤᠯᠤᠯᠲᠠ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠲᠥᠷᠥᠯ ᠵᠦᠶᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠷᠠᠭᠤᠯᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠠᠯᠠ ᠮᠥᠩᠭᠦ | ᠶᠢᠨ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ ᠃ ( ᠲᠦᠷᠦᠭᠦᠯᠡᠨ | ᠬᠠᠷᠢᠭᠤᠴᠠᠬᠤ ᠨᠢᠭᠡᠴᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠢ᠄ ᠡᠳ᠋ | ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠃ | ( ᠳᠥᠷᠪᠡ ) ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ ᠃ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠡ ᠬᠢᠭᠡᠳ ᠡᠯ᠎ᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠯᠤᠭ᠎ᠠ ᠶᠢᠨ ᠨᠢᠭᠲᠠ ᠬᠠᠷᠢᠯᠴᠠᠭ᠎ᠠ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠤᠷᠰᠢᠯᠴᠠᠭ᠎ᠠ ᠶᠢ | ᠤᠯᠠᠮ ᠨᠢᠭᠡ ᠠᠯᠬᠤᠮ ᠪᠠᠬᠢᠵᠢᠭᠦᠯᠦᠨ ᠥᠷᠭᠡᠵᠢᠭᠦᠯᠦᠨ᠎ᠡ ᠃ ᠠᠵᠤ ᠠᠬᠤᠶᠢᠯᠠᠯ ᠳᠤ 《 ᠥᠪᠥᠷ ᠮᠣᠩᠭᠤᠯ ᠤᠨ | ᠰᠢᠨᠵᠢᠯᠡᠬᠦ ᠤᠬᠠᠭᠠᠨ ᠤ ᠴᠤᠭᠯᠠᠷᠠᠯ 》 ᠤᠨ ᠲᠠᠪᠴᠠᠩ ᠢ ᠳᠡᠯᠭᠡᠷᠡᠭᠦᠯᠵᠦ᠂ ᠠᠵᠤ ᠠᠬᠤᠶᠢᠯᠠᠯ ᠪᠠ ᠬᠠᠮᠢᠶ᠎ᠠ ᠪᠦᠬᠦᠢ | ᠨᠢᠭᠡᠴᠡ ᠶᠢ ᠢᠳᠡᠪᠬᠢᠲᠡᠢ ᠵᠣᠬᠢᠶᠠᠨ ᠪᠠᠶᠢᠭᠤᠯᠵᠤ ᠪᠠᠶᠢᠭᠠᠳ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠬᠤᠷᠠᠯ᠂ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠵᠠᠰᠠᠭ ᠣᠨ ᠣᠷᠳᠣᠨ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠬᠡᠷᠡᠭᠯᠡᠯᠲᠡ ᠶᠢ ᠵᠣᠯᠭᠠᠭᠤᠯᠬᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ ᠪᠠᠶᠢᠴᠠᠭᠠᠨ ᠰᠤᠳᠤᠯᠬᠤ | ᠠᠵᠢᠯ᠂ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠᠯᠳᠤᠭᠠᠴᠢᠨ ᠤᠷᠢᠵᠤ ᠵᠥᠪᠳᠡᠯᠴᠡᠬᠦ ᠬᠤᠷᠠᠯ | ᠵᠡᠷᠭᠡ ᠠᠵᠢᠯᠯᠠᠭ᠎ᠠ ᠳᠤ ᠣᠷᠣᠯᠴᠠᠭᠤᠯᠤᠨ᠎ᠠ ᠃ ( ᠲᠦᠷᠦᠭᠦᠯᠡᠨ ᠬᠠᠷᠢᠭᠤᠴᠠᠬᠤ ᠨᠢᠭᠡᠴᠢ᠄ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠢ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ | ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ( ᠲᠠᠪᠤ ) ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠶ ᠃ ᠡᠯ᠎ᠡ ᠰᠠᠯᠠᠭ᠎ᠠ ᠮᠥᠴᠢᠷ | ᠤᠳ ᠡᠭᠦᠷᠭᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠬᠢᠬᠦ ᠡᠭᠦᠷᠭᠡ ᠲᠠᠢ | ᠬᠠᠷᠢᠴᠠᠭᠤᠯᠤᠨ ᠲᠥᠷᠥᠯ ᠵᠦᠶᠯ ᠤᠨ ᠬᠥᠮᠥᠷᠭᠡ ᠪᠠᠶᠢᠭᠤᠯᠬᠤ ᠪᠠ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ | ᠶᠢ ᠪᠣᠶᠢᠵᠢᠭᠤᠯᠵᠤ᠂ ᠣᠷᠣᠭᠤᠯᠤᠨ ᠠᠪᠴᠢᠷᠠᠬᠤ᠂ ᠪᠣᠶᠢᠵᠢᠭᠤᠯᠬᠤ᠂ ᠬᠥᠲᠥᠯᠥᠨ ᠵᠢᠯᠣᠭᠤᠳᠬᠤ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠬᠤ ᠬᠡᠷᠡᠭᠲᠡᠶ ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ | ᠪᠣᠶᠢᠵᠢᠯᠲᠠ ᠶᠢ ᠲᠦᠷᠭᠡᠳᠬᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠲᠥᠷᠥᠯ ᠵᠦᠢᠯ᠂ ᠪᠡᠯᠡ ᠮᠥᠩᠭᠦ | ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠲᠡᠰᠢ ᠬᠡᠯᠪᠡᠶᠢᠯᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠨ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢᠨ ᠬᠠᠮᠲᠤ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠬᠤᠪᠢᠷᠠᠭᠤᠯᠬᠤ ᠲᠥᠷᠥᠯ ᠵᠦᠢᠯ ᠳᠤ ᠣᠷᠣᠯᠴᠠᠬᠤ ᠶᠢ ᠳᠡᠮᠵᠢᠨ᠎ᠡ ᠃ ᠬᠤᠶᠠᠷ ᠲᠠᠬᠢᠨ ᠢᠶᠠᠷ ᠨᠡᠮᠡᠭᠳᠡᠭᠦᠯᠬᠦ᠂ ᠬᠤᠶᠠᠷ | ᠢ ᠳᠡᠭᠡᠭᠰᠢᠯᠡᠭᠦᠯᠬᠦ ᠵᠢᠴᠢ 《 ᠭᠤᠷᠪᠠ ᠶᠢ ᠲᠡᠭ ᠪᠣᠯᠭᠠᠬᠤ 》 ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠮᠠᠨ ᠤ | ᠰᠢᠶᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠬᠥᠮᠥᠷᠭᠡ ᠳᠤ ᠣᠷᠣᠭᠤᠯᠤᠭᠰᠠᠨ | ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠳᠡᠮᠵᠢᠯᠭᠡ ᠦᠵᠡᠭᠦᠯᠪᠡ ᠃ ( ᠲᠦᠷᠦᠭᠦᠯᠡᠨ ᠬᠠᠷᠢᠭᠤᠴᠠᠬᠤ ᠨᠢᠭᠡᠴᠢ᠄ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠃ ᠬᠠᠮᠵᠢᠯᠴᠠᠬᠤ ᠨᠢᠭᠡᠴᠢ᠄ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠢ ) ᠃ |