ᠳᠠᠶᠢᠴᠢᠯᠠᠯᠲᠠ ᠪᠠᠶᠢᠷᠢᠯᠠᠭᠤᠯᠤᠯᠲᠠ ᠬᠠᠷᠠᠯᠲᠠᠲᠤ ᠠᠷᠭ᠎ᠠ ᠪᠠᠷᠢᠯ ᠬᠢᠨᠠᠨ ᠵᠢᠯᠤᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠳᠬᠠᠨ ᠮᠠᠨ ᠤ ᠣᠷᠣᠨ ᠤ ᠡᠯ᠎ᠡ ᠠᠶᠢᠮᠠᠭ ᠬᠤᠲᠠ ᠬᠠᠤᠯᠢ ᠴᠠᠭᠠᠵᠠ ᠶᠢᠨ ᠣᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠤᠭ ᠣᠨᠣᠪᠴᠢᠲᠤ ᠬᠠᠷᠢᠭᠤᠯᠲᠠ ᠶᠢ ᠣᠯᠵᠠᠢ
ᠨᠡᠶᠢᠲᠡᠯᠡᠭᠰᠡᠨ ᠴᠠᠭ᠄
2024/4/25
  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠨᠢ ᠳᠠᠶᠢᠴᠢᠯᠠᠯᠲᠠ ᠪᠠᠶᠢᠷᠢᠯᠠᠭᠤᠯᠤᠯᠲᠠ ᠪᠠᠨ ᠴᠢᠩᠭᠠᠳᠬᠠᠬᠤ᠂ ᠬᠠᠷᠠᠯᠲᠠᠲᠤ ᠠᠷᠭ᠎ᠠ ᠪᠠᠷᠢᠯ ᠢᠶᠠᠨ ᠴᠢᠩᠭᠠᠳᠬᠠᠬᠤ᠂ ᠬᠢᠨᠠᠨ ᠵᠢᠯᠤᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠤᠯᠢ ᠴᠠᠭᠠᠵᠠ ᠶᠢᠨ ᠣᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠪᠠ᠃    ᠡᠯ᠎ᠡ ᠠᠶᠢᠮᠠᠭ ᠬᠤᠲᠠ ᠨᠤᠭᠤᠳ ᠭᠤᠣᠯᠳᠠᠯᠭ᠎ᠠ ᠪᠠᠨ ᠲᠣᠪᠤᠶᠢᠯᠭᠠᠨ᠂ ᠥᠨᠳᠥᠷ ᠦᠷ᠎ᠡ ᠪᠦᠲᠦᠮᠵᠢᠲᠡᠶ ᠪᠠᠷ ᠪᠠᠶᠢᠷᠢᠯᠠᠭᠤᠯᠪᠠ᠃ ᠬᠥᠬᠡᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ︽ᠨᠢᠭᠡᠳᠦᠭᠡᠷ ᠭᠠᠷ ᠢᠨᠵᠧᠨᠧᠷᠢᠩ ︾ ᠪᠣᠯᠭᠠᠨ ᠬᠦᠴᠦᠯᠡᠨ ᠠᠬᠢᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠲᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠤᠭᠠᠳ᠂ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠨᠦᠭᠦᠳ ᠢ ᠪᠠᠶᠢᠷᠢᠯᠠᠭᠤᠯᠪᠠ᠃ ᠲᠦᠩᠯᠢᠶᠣᠣ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠨᠢ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠨᠦᠭᠦᠳ ᠢ ᠴᠤᠭᠯᠠᠭᠤᠯᠤᠨ ᠰᠤᠳᠤᠯᠤᠨ ᠶᠠᠷᠢᠯᠴᠠᠭᠰᠠᠨ ᠪᠥᠭᠡᠳ ᠪᠣᠳᠠᠲᠠᠢ ᠠᠷᠭ᠎ᠠ ᠪᠠᠷᠢᠯ ᠢ ᠲᠣᠳᠣᠷᠬᠠᠶᠢᠯᠠᠵᠤ᠂ ᠪᠦᠬᠦ ᠬᠤᠳᠠ ᠶᠢᠨ ᠬᠤᠳᠠᠯᠳᠤᠭᠠᠨ ᠤ ᠣᠷᠴᠢᠨ ᠨᠥᠭᠦᠴᠡᠯ ᠤᠨ ᠬᠠᠤᠯᠢ ᠪᠠᠷ ᠵᠠᠰᠠᠬᠤ ᠪᠠᠲᠤᠯᠠᠭ᠎ᠠ ᠶᠢᠨ ᠰᠢᠨ᠎ᠡ ᠶᠢ ᠡᠭᠦᠳᠬᠦ ᠵᠢᠴᠢ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃ ᠣᠷᠳᠣᠰ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ᠂ ᠬᠠᠤᠯᠢᠵᠢᠭᠰᠠᠨ ᠬᠤᠳᠠᠯᠳᠤᠭᠠᠨ ᠤ ᠣᠷᠴᠢᠨ ᠨᠥᠭᠦᠴᠡᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠳᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠠᠳ᠂ ᠡᠯ᠎ᠡ ᠪᠦᠷᠢᠯᠳᠦᠭᠦᠨ ᠨᠢᠭᠡᠴᠢ ᠨᠦᠭᠦᠳ ᠤᠨ ᠠᠵᠢᠯ ᠤᠨ ᠠᠬᠢᠴᠠ ᠪᠠ ᠬᠢᠯᠠᠰ ᠴᠡᠭ ᠲᠠᠢ ᠠᠵᠢᠯ ᠤᠳ ᠲᠤ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠨ᠎ᠠ᠃    ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠦᠷᠪᠡᠨ ᠭᠠᠵᠠᠷ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ︽ᠣᠷᠣᠨ ᠪᠦᠰᠡ ᠠᠯᠤᠰᠯᠠᠨ +︾ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠡᠭᠦᠳᠦᠨ ᠨᠡᠶᠢᠲᠡᠯᠡᠵᠦ᠂ ᠬᠠᠤᠯᠢ ᠴᠠᠭᠠᠵᠠ ᠶᠢᠨ ᠬᠡᠷᠡᠭ ᠢ ᠬᠠᠮᠲᠤᠷᠠᠨ ᠪᠠᠶᠢᠴᠠᠭᠠᠬᠤ᠂ ᠬᠡᠷᠡᠭ ᠢ ᠬᠠᠮᠲᠤᠷᠠᠨ ᠬᠥᠳᠡᠯᠣᠯᠴᠡᠵᠦ ᠭᠦᠢᠴᠡᠳᠬᠡᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠲᠤᠷᠠᠨ ᠪᠠᠲᠤᠯᠠᠬᠤ᠂ ᠮᠥᠩᠭᠦᠨ ᠭᠦᠢᠯᠭᠡᠭᠡᠨ ᠤ ᠲᠦᠭᠰᠢᠭᠦᠷᠢ ᠠᠴᠠ ᠬᠠᠮᠲᠤᠷᠠᠨ ᠬᠠᠮᠠᠭᠠᠯᠠᠬᠤ ᠪᠠ ᠶᠡᠷᠦᠩᠬᠡᠢ ᠠᠵᠢᠯᠯᠠᠭᠠᠨ ᠤ ᠳᠦᠷᠢᠮ ︽4 + 1︾ ᠶᠢ ᠨᠢᠭᠡ ᠴᠣᠭᠴᠠᠵᠢᠭᠤᠯᠤᠭᠰᠠᠨ ᠬᠠᠮᠵᠢᠯᠴᠠᠬᠤ ᠰᠢᠨ᠎ᠡ ᠲᠣᠭᠲᠠᠴᠠ ᠶᠢ ᠪᠠᠶᠢᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠨᠦᠭᠦᠳ ᠤᠨ ᠬᠤᠭᠤᠷᠣᠨᠳᠣᠬᠢ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ᠂ ᠪᠠᠶᠢᠴᠠᠭᠠᠬᠤ ᠶᠠᠪᠤᠳᠠᠯ ᠤᠨ ᠬᠠᠮᠵᠢᠯᠴᠠᠭ᠎ᠠ᠂ ᠬᠤᠯᠪᠤᠭᠠᠯᠠᠨ ᠬᠥᠳᠡᠯᠦᠯᠴᠡᠵᠦ ᠭᠦᠢᠴᠡᠳᠬᠡᠬᠦ ᠬᠡᠪᠴᠢᠶ᠎ᠡ ᠶᠢ ᠥᠷᠭᠡᠳᠬᠡᠭᠡᠳ᠂ 1+1+1+1 > 4 ᠦᠷ᠎ᠡ ᠪᠦᠲᠦᠮᠵᠢ ᠳᠤ ᠬᠦᠷᠪᠡ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ 12 ᠵᠦᠢᠯ ᠤᠨ ᠠᠷᠭ᠎ᠠ ᠪᠠᠷᠢᠯ᠂ 62 ᠵᠦᠢᠯ ᠤᠨ ᠳᠦᠷᠢᠮ ᠤᠨ ᠲᠣᠭᠲᠠᠴᠠ ᠪᠠ 10 ᠲᠤᠰᠬᠠᠢ ᠠᠵᠢᠯᠯᠠᠭ᠎ᠠ ᠶᠢ ᠲᠣᠳᠣᠷᠬᠠᠢ ᠲᠣᠭᠲᠠᠭᠠᠵᠤ᠂ ᠬᠠᠷᠢᠭᠤᠴᠠᠯᠭᠠᠲᠠᠨ᠂ ᠴᠠᠭ ᠤᠨ ᠬᠦᠰᠦᠨᠦᠭ᠂ ᠵᠠᠮ ᠱᠤᠭᠤᠮ ᠤᠨ ᠵᠢᠷᠤᠭ ᠢ ᠴᠢᠨᠠᠭᠰᠢᠳᠠ ᠤᠯᠠᠮ ᠪᠠᠲᠤᠯᠠᠨ ᠲᠣᠭᠲᠠᠭᠠᠵᠤ᠂ ᠰᠠᠯᠠᠭ᠎ᠠ ᠮᠥᠴᠢᠷ᠂ ᠡᠭᠦᠷᠭᠡ᠂ ᠬᠠᠷᠠᠯᠲᠠ ᠶᠢ ᠳᠣᠭᠲᠠᠭᠠᠨ᠂ ᠡᠯ᠎ᠡ ᠵᠦᠢᠯ ᠤᠨ ᠡᠭᠦᠷᠭᠡ ᠶᠢᠨ ᠬᠦᠴᠦᠲᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠲᠣᠬᠢᠷᠠᠭᠤᠯᠬᠤ᠂ ᠬᠢᠨᠠᠨ ᠵᠢᠯᠤᠭᠤᠳᠬᠤ᠂ ᠵᠥᠪᠳᠡᠯᠴᠡᠬᠦ᠂ ᠤᠯᠠᠨ ᠳᠤ ᠮᠡᠳᠡᠭᠳᠡᠬᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠲᠠᠲᠠᠶᠢᠵᠢᠭᠤᠯᠤᠨ᠂ ᠨᠠᠷᠢᠨ ᠨᠢᠮᠪᠠᠢ ᠡᠮᠬᠢ ᠳᠢᠭᠯᠢᠮ ᠲᠠᠢ ᠲᠣᠬᠢᠷᠠᠭᠤᠯᠵᠤ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠪᠠᠷ ᠡᠬᠢᠯᠡᠭᠦᠯᠪᠡ᠃ ᠦᠬᠠᠢ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠨᠦᠭᠦᠳ ᠢ ᠬᠢᠨᠠᠨ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠬᠢᠭᠡᠳ ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ᠂ ᠬᠠᠤᠯᠢ ᠪᠠᠷ ᠬᠤᠳᠠ ᠶᠢ ᠵᠠᠰᠠᠬᠤ ᠬᠠᠤᠯᠢ ᠴᠠᠭᠠᠵᠠ ᠶᠢᠨ ᠵᠣᠬᠢᠴᠠᠭᠤᠯᠭ᠎ᠠ ᠬᠢᠭᠡᠳ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠵᠢᠷᠤᠮᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠢ ᠨᠢᠭᠡ ᠴᠣᠭᠴᠠᠵᠢᠭᠤᠯᠤᠨ ᠲᠥᠯᠥᠪᠯᠡᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠦᠨᠳᠦᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号