ᠲᠦᠴᠢᠦᠸᠠᠨ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ︽ᠤᠮᠠᠷᠠᠲᠤ ᠬᠢᠯᠢ ᠶᠢᠨ ᠤᠩᠰᠢᠯᠭ᠎ᠠ ᠪᠢᠴᠢᠭ ᠤᠨ ᠰᠤᠷᠪᠤᠯᠵᠢᠲᠤ ᠲᠦᠴᠢᠤᠸᠠᠨ︾ ᠤᠮᠠᠷᠠᠲᠤ ᠬᠢᠯᠢ ᠶᠢᠨ ᠰᠣᠶᠣᠯ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/25
   ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠦ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠶᠢᠨ ᠲᠦᠯᠦᠭᠡ᠃ ᠣᠶᠢᠷ᠎ᠠ ᠳᠤ᠂ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠪᠣᠯᠤᠨ ᠰᠢᠨᠬᠤᠸᠠ ᠨᠣᠮ ᠤᠨ ᠳᠡᠯᠭᠡᠭᠦᠷ ᠬᠠᠮᠲᠤᠷᠠᠨ ︽ᠤᠮᠠᠷᠠᠲᠤ ᠬᠢᠯᠢ ᠶᠢᠨ ᠤᠩᠰᠢᠯᠭ᠎ᠠ ᠪᠢᠴᠢᠭ ᠤᠨ ᠰᠤᠷᠪᠤᠯᠵᠢᠲᠤ ᠲᠦᠴᠢᠤᠸᠠᠨ︾ ᠤᠮᠠᠷᠠᠲᠤ ᠬᠢᠯᠢ ᠶᠢᠨ ᠰᠣᠶᠣᠯ ᠤᠨ ᠰᠢᠷᠢᠰ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠡᠬᠢᠯᠡᠮᠡᠭᠴᠡ᠂ ᠣᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠵᠤ᠂ ᠤᠮᠠᠷᠠᠲᠤ ᠬᠢᠯᠢ ᠶᠢᠨ ᠰᠣᠶᠣᠯ ᠤᠨ ᠬᠠᠮᠢᠶ᠎ᠠ ᠪᠥᠬᠦᠶ ᠨᠣᠮ ᠪᠢᠴᠢᠭ ᠢ ᠤᠩᠰᠢᠭᠰᠠᠨ ᠣᠯᠤᠯᠲᠠ ᠲᠥᠷᠥᠭᠳᠡᠯ ᠢᠶᠠᠨ ᠬᠠᠮᠲᠤ ᠪᠠᠷ ᠬᠤᠪᠢᠶᠠᠯᠴᠠᠵᠤ᠂ ᠤᠩᠰᠢᠭᠰᠠᠨ ᠲᠥᠷᠥᠭᠳᠡᠯ ᠢᠶᠠᠨ ᠰᠣᠯᠢᠯᠴᠠᠪᠠ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠲᠥᠪ ᠬᠢᠴᠢᠶᠡᠩᠭᠦᠢ ᠪᠠᠶᠢᠵᠤ᠂ ᠬᠥᠮᠦᠨ ᠪᠦᠬᠦᠨ ᠰᠡᠳᠬᠢᠯ ᠲᠠᠯᠪᠢᠨ ᠰᠣᠨᠣᠰᠴᠤ᠂ ᠰᠡᠳᠬᠢᠨ ᠪᠣᠳᠣᠯᠬᠢᠯᠠᠵᠤ᠂  ᠤᠩᠰᠢᠯᠭ᠎ᠠ ᠶᠢᠨ ᠠᠭᠤᠷ ᠠᠮᠢᠰᠬᠤᠯ ᠳᠤ ᠰᠤᠭᠳᠤᠭᠤᠷᠠᠨ᠎ᠠ᠃
   ᠵᠠᠯᠭᠠᠭᠠᠳ ᠴᠠᠭᠠᠰᠤᠨ ᠬᠠᠶᠢᠴᠢᠯᠠᠮᠠᠯ ᠵᠢᠭᠠᠬᠤ ᠭᠤᠭᠴᠤᠭ᠎ᠠ ᠪᠠᠶᠢᠵᠤ᠂ ᠠᠷᠠᠳ ᠤᠨ ᠤᠷᠠᠯᠢᠭᠴᠢᠳ ᠤᠨ ᠨᠡᠶᠢᠭᠡᠮᠯᠢᠭ ᠤᠨ ᠪᠠᠭᠰᠢ ᠨᠠᠷ ᠤᠯᠠᠨ ᠳᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠬᠦᠯᠢᠴᠡᠩᠭᠦᠶ ᠨᠢᠮᠪᠠᠶ ᠵᠢᠭᠠᠵᠤ ᠥᠭᠪᠡ᠃ ᠣᠯᠠᠨ ᠢᠶᠠᠷ ᠢᠶᠠᠨ ᠭᠠᠷ ᠬᠥᠳᠡᠯᠦᠨ ᠲᠣᠷᠰᠢᠵᠤ᠂ ᠤᠳᠠᠯ ᠦᠭᠡᠢ ᠭᠤᠶᠤ ᠰᠠᠶᠢᠬᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠨᠢᠳᠦᠨ ᠡᠮᠦᠨ᠎ᠡ ᠢᠯᠡᠷᠡᠪᠡ᠃ ᠡᠨᠡ ᠬᠦ ᠭᠤᠭᠴᠤᠭ᠎ᠠ ᠨᠢ ᠣᠯᠠᠨ ᠳᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠣᠯᠠᠨ ᠤ ᠤᠯᠠᠮᠵᠢᠯᠠᠯᠲᠤ ᠰᠣᠶᠣᠯ ᠤᠨ ᠲᠤᠬᠠᠶ ᠣᠶᠢᠯᠠᠭᠠᠯᠲᠠ ᠪᠠ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃
   ᠰᠡᠳᠦᠪ ᠬᠠᠷᠢᠭᠤᠯᠬᠤ ᠭᠤᠭᠴᠤᠭ᠎ᠠ ᠨᠢ ᠨᠠᠩ ᠴᠤ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃ ᠰᠡᠳᠦᠪ ᠨᠢ ᠤᠮᠠᠷᠠᠲᠤ ᠬᠢᠯᠢ ᠶᠢᠨ ᠰᠣᠶᠣᠯ ᠤᠨ ᠲᠠᠯ᠎ᠠ ᠲᠠᠯ᠎ᠠ ᠶᠢ ᠬᠠᠮᠤᠷᠴᠤ᠂ ᠲᠡᠦᠬᠡ ᠶᠢᠨ ᠮᠡᠳᠡᠯᠭᠡ ᠲᠠᠢ ᠪᠥᠭᠡᠳ ᠠᠷᠠᠳ ᠤᠨ ᠵᠠᠩ ᠠᠭᠠᠯᠢ ᠴᠤ ᠪᠠᠶᠢᠳᠠᠭ᠃ ᠣᠯᠠᠨ ᠢᠶᠠᠷ ᠢᠶᠠᠨ ᠢᠳᠡᠪᠬᠢᠲᠡᠶ ᠪᠠᠷ ᠵᠠᠪᠳᠤᠨ ᠬᠠᠷᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠤᠬᠠᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠢᠳᠡᠪᠬᠢᠲᠡᠢ ᠣᠷᠣᠯᠴᠠᠭᠰᠠᠳ ᠲᠤ ᠨᠠᠷᠢᠯᠢᠭ ᠰᠠᠶᠢᠬᠠᠨ ᠵᠢᠵᠢᠭ ᠪᠡᠯᠡᠭ ᠲᠠᠷᠬᠠᠭᠠᠪᠠ᠃ ᠡᠨᠡ ᠬᠦ ᠭᠤᠭᠴᠤᠭ᠎ᠠ ᠪᠠᠷ ᠲᠠᠮᠵᠢᠨ᠂ ᠤᠯᠠᠨ ᠢᠶᠠᠷ ᠢᠶᠠᠨ ᠰᠣᠷᠣᠭᠰᠠᠨ ᠮᠡᠳᠡᠯᠭᠡ ᠪᠠᠨ ᠪᠠᠲᠤᠳᠬᠠᠭᠰᠠᠨ ᠢᠶᠠᠷ ᠪᠠᠷᠠᠬᠤ ᠦᠭᠡᠢ ᠪᠠᠰᠠ ᠠᠮᠵᠢᠯᠲᠠ ᠪᠦᠲᠦᠮᠵᠢ ᠶᠢᠨ ᠲᠦᠷᠦᠭᠳᠡᠯ ᠤᠯᠭᠤᠵᠠᠢ᠃ ᠪᠦᠬᠦ᠋ᠢᠯᠡ ᠠᠵᠢᠯᠯᠠᠭ᠎ᠠ ᠶᠢᠨ ᠶᠠᠪᠤᠴᠠ ᠳᠤ᠂ ᠤᠯᠠᠨ ᠢᠶᠠᠷ ᠢᠶᠠᠨ ᠢᠳᠡᠪᠬᠢᠲᠡᠢ ᠣᠷᠣᠯᠴᠠᠵᠤ᠂ ᠬᠠᠷᠢᠯᠴᠠᠨ ᠰᠣᠯᠢᠯᠴᠠᠵᠤ᠂ ᠮᠡᠳᠡᠯᠭᠡ ᠪᠠᠨ ᠨᠡᠮᠡᠭᠳᠡᠭᠦᠯᠵᠦ᠂ ᠬᠠᠷᠠᠭ᠎ᠠ ᠪᠠᠨ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠬᠤᠭᠤᠷᠣᠨᠳᠣᠬᠢ ᠨᠥᠬᠦᠷᠯᠡᠯ ᠪᠣᠯᠤᠨ ᠣᠶᠢᠯᠠᠭᠠᠯᠴᠠᠭ᠎ᠠ ᠪᠠᠨ ᠨᠡᠮᠡᠭᠳᠡᠭᠦᠯᠵᠡᠢ᠃
   ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠤᠮᠠᠷᠠᠲᠤ ᠬᠢᠯᠢ ᠶᠢᠨ ᠰᠣᠶᠣᠯ ᠢ ᠨᠠᠩ ᠥᠷᠭᠡᠨ ᠳᠡᠯᠭᠡᠷ ᠣᠯᠠᠨ ᠲᠦᠮᠡᠨ ᠤ ᠳᠤᠮᠳᠠ ᠠᠮᠵᠢᠯᠲᠠ ᠲᠠᠢ ᠳᠡᠯᠭᠡᠷᠡᠭᠦᠯᠵᠦ᠂ ᠨᠠᠩ ᠣᠯᠠᠨ ᠬᠥᠮᠦᠨ ᠳᠤ ᠤᠮᠠᠷᠠᠲᠤ ᠬᠢᠯᠢ ᠶᠢᠨ ᠰᠣᠶᠣᠯ ᠢ ᠣᠶᠢᠯᠠᠭᠠᠭᠤᠯᠵᠤ ᠪᠠᠭ᠋ᠠᠷᠬᠠᠪᠠ᠃ ᠡᠭᠦᠠ ᠤ ᠬᠠᠮᠲᠤ ᠪᠠᠰᠠ ᠰᠣᠶᠣᠯ ᠤᠨ ᠰᠣᠯᠢᠯᠴᠠᠭ᠎ᠠ ᠪᠠ ᠣᠯᠠᠮᠵᠢᠯᠠᠯ ᠢ ᠠᠭᠢᠭᠤᠯᠵᠤ᠂ ᠡᠶ᠎ᠡ ᠵᠣᠭᠢᠴᠠᠯ ᠲᠠᠢ ᠨᠠᠶᠢᠭᠡᠮ ᠢ ᠪᠠᠶᠢᠭᠤᠯᠬᠤ᠂ ᠣᠮᠠᠷᠠᠲᠤ ᠶᠢᠨ ᠰᠣᠶᠣᠯ ᠤᠨ ᠬᠦᠭᠵᠢᠯ ᠪᠠᠲᠠᠷᠠᠯ ᠢ ᠠᠭᠢᠭᠤᠯᠬᠤ ᠳᠤ ᠢᠲᠠᠪᠭᠢᠲᠠᠢ ᠬᠤᠪᠢ ᠨᠠᠮᠠᠷᠢ ᠣᠢᠵᠠᠭᠦᠯᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号