ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ︽ᠤᠮᠠᠷᠠᠲᠤ ᠬᠢᠯᠢ ᠶᠢᠨ ᠤᠩᠰᠢᠯᠭ᠎ᠠ︾ ᠨᠣᠮ ᠤᠩᠰᠢᠬᠤ ᠨᠠᠶᠢᠷ— ︽ᠬᠠᠭᠤᠴᠢᠨ ᠨᠤᠮ ᠬᠤᠳᠠᠯᠳᠤᠬᠤ ᠨᠣᠮ ᠤᠨ ᠳᠡᠯᠭᠡᠭᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/28
   4 ᠰᠠᠷ᠎ᠠ ᠶᠢᠨ 24 ᠤ ᠡᠳᠦᠷ᠂ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ︽ᠤᠮᠠᠷᠠᠲᠤ ᠬᠢᠯᠢ ᠶᠢᠨ ᠤᠩᠰᠢᠯᠭ᠎ᠠ︾ ᠨᠣᠮ ᠤᠩᠰᠢᠬᠤ ᠨᠠᠶᠢᠷ — ︽ᠬᠠᠭᠤᠴᠢᠨ ᠨᠤᠮ ᠬᠤᠳᠠᠯᠳᠤᠬᠤ ᠨᠣᠮ ᠤᠨ ᠳᠡᠯᠭᠡᠭᠦᠷ︾ ᠤᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ᠨᠣᠮ ᠬᠤᠳᠠᠯᠳᠤᠬᠤ ᠨᠡᠭᠦᠳᠡᠯ ᠲᠡᠷᠭᠡ ᠪᠣᠯᠤᠨ ᠰᠤᠷᠤᠭᠴᠢᠳ ᠤᠨ ᠬᠠᠭᠤᠴᠢᠨ ᠨᠣᠮ ᠤᠨ ᠳᠡᠯᠭᠡᠭᠦᠷ ᠢ ᠲᠤᠭᠤᠷᠢᠭᠯᠠᠨ ᠬᠦᠷᠢᠶᠡᠯᠡᠵᠦ᠂ ᠡᠩ ᠲᠡᠷᠢᠭᠦᠨ ᠳᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠤᠸᠠᠩ ᠢᠦᠢ ᠮᠧᠢ ᠪᠠᠶᠠᠷ ᠤᠨ ᠦᠭᠡ ᠬᠡᠯᠡᠵᠦ᠂ ᠰᠤᠷᠤᠭᠴᠢᠳ ᠤᠨ ᠨᠣᠮ ᠤᠩᠰᠢᠬᠤ ᠬᠠᠯᠠᠭᠤᠨ ᠰᠡᠳᠬᠢᠯᠭᠡ ᠶᠢ ᠭᠦᠢᠴᠡᠳ ᠲᠠᠶᠢᠴᠢᠯᠠᠬᠤ ᠶᠢᠨ ᠬᠠᠮᠲᠤ ᠰᠢᠨᠬᠤᠸᠠ ᠨᠣᠮ ᠤᠨ ᠳᠡᠯᠭᠡᠭᠦᠷ ᠲᠤ ᠪᠠᠰᠠ ᠨᠡᠩ ᠤᠯᠠᠨ ᠲᠦᠷᠦᠯ ᠵᠦᠢᠯ ᠤᠨ ᠰᠢᠯᠢᠳᠡᠭ ᠨᠣᠮ ᠪᠢᠴᠢᠭ ᠨᠡᠮᠡᠵᠦ ᠥᠭᠭᠦᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠭᠡᠵᠦ᠂ ᠳᠠᠷᠠᠭ᠎ᠠ ᠳᠤᠨᠢ᠂ ᠭᠡᠷ ᠤᠨ ᠠᠬᠠᠮᠠᠳ ᠤᠨ ᠲᠥᠯᠥᠭᠡᠯᠡᠭᠴᠢ ᠪᠣᠯᠤᠨ ᠰᠤᠷᠤᠭᠴᠢᠳ ᠤᠨ ᠲᠥᠯᠥᠭᠡᠯᠡᠭᠴᠢ ᠤᠷᠢᠳ ᠬᠤᠵᠢᠳ ᠥᠪᠡᠷ ᠤᠨ ᠨᠣᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠪᠠ᠃
   ︽ᠵᠠᠬ᠎ᠠ ᠳᠡᠯᠭᠡᠭᠦᠷ ᠨᠡᠭᠡᠭᠡᠯ᠎ᠡ︕︾ ᠭᠡᠬᠦ ᠲᠠᠭᠤᠨ ᠢ ᠳᠠᠭᠠᠯᠳᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠨᠢ ᠬᠥᠭᠵᠢᠶᠡᠨᠲᠡᠶ ︽ᠨᠣᠮ ᠪᠢᠴᠢᠭ ᠤᠨ ᠴᠤᠭᠯᠠᠭ᠎ᠠ ᠮᠠᠶᠢᠮᠠᠶ︾ ᠪᠣᠯᠵᠣ᠂ ᠰᠤᠷᠤᠭᠴᠢᠳ ︽ᠨᠣᠮ ᠤᠨ ᠳᠡᠯᠭᠡᠭᠦᠷ︾ ᠤᠨ ᠳᠤᠮᠳᠠ ᠠᠭᠤᠵᠢᠷᠠᠲᠠᠯ᠎ᠠ ᠵᠤᠭᠠᠴᠠᠵᠤ᠂ ᠨᠣᠮ ᠪᠢᠴᠢᠭ ᠢᠶᠠᠷ ᠵᠣᠭᠤᠰ ᠰᠣᠯᠢᠬᠤ᠂ ᠵᠣᠭᠤᠰ ᠢᠶᠠᠷ ᠨᠣᠮ ᠪᠢᠴᠢᠭ ᠬᠤᠳᠠᠯᠳᠤᠨ ᠠᠪᠬᠤ᠂ ᠨᠣᠮ ᠢᠶᠠᠷ ᠨᠡᠷᠪᠡᠮᠦ ᠰᠤᠯᠢᠬᠤ ᠬᠡᠯᠪᠡᠷᠢ ᠪᠠᠷ ᠥᠪᠡᠷ ᠤᠨ ᠭᠠᠷ ᠲᠠᠬᠢ ᠰᠤᠯᠠ ᠪᠠᠶᠢᠭ᠎ᠠ ᠨᠣᠮ ᠪᠢᠴᠢᠭ ᠢᠶᠠᠨ ᠠᠮᠢᠯᠠᠭᠤᠯᠵᠤ᠂ ᠪᠠᠰᠠ ᠨᠣᠮ ᠪᠢᠴᠢᠭ ᠰᠣᠯᠢᠯᠴᠠᠬᠤ᠂ ᠤᠩᠰᠢᠯᠭ᠎ᠠ ᠶᠢ ᠬᠤᠪᠢᠶᠠᠯᠴᠠᠬᠤ ᠳᠤᠮᠳᠠ ᠪᠠᠶᠠᠷ ᠪᠠᠭ᠋ᠠᠳᠤᠯ ᠭᠥᠷᠳᠡᠪᠡ᠃ ᠨᠣᠮ ᠬᠤᠳᠠᠯᠳᠤᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠬᠡᠦᠬᠡᠳ ᠤᠳ ᠭᠠᠵᠠᠷ ᠲᠡᠭᠡᠷ᠎ᠡ ᠰᠠᠭᠤᠵᠤ᠂ ᠨᠣᠮ ᠤᠩᠰᠢᠬᠤ ᠶᠢ ᠶᠠᠭᠠᠷᠠᠨ᠂ ᠬᠦᠷ ᠬᠥᠭᠵᠢᠶᠡᠨ ᠲᠠᠢ ᠴᠤᠭᠯᠠᠭ᠎ᠠ ᠮᠠᠶᠢᠮᠠᠢ ᠨᠢ ︽ᠨᠣᠮ ᠤᠩᠰᠢᠬᠤ ᠬᠤᠷᠠᠯ︾ ᠪᠣᠯᠪᠠ᠃
   ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰ ᠤᠳᠠᠭᠠᠨ ᠤ ᠨᠣᠮ ᠤᠩᠰᠢᠬᠤ ᠪᠠᠶᠠᠷ ᠤᠨ ᠠᠵᠢᠯᠯᠠᠭ᠎ᠠ ᠶᠢ ᠨᠢᠭᠡ ᠤᠳᠠᠭᠠᠨ ᠤ ᠨᠣᠮ ᠪᠢᠴᠢᠭ ᠤᠨ ᠰᠣᠯᠢᠯᠴᠠᠭᠠᠨ ᠤ ᠦᠪᠡᠳᠡᠭᠰᠢ ᠨᠠᠶᠢᠷ ᠪᠣᠯᠭᠠᠭᠰᠠᠨ ᠪᠥᠭᠡᠳ ᠪᠠᠰᠠ ᠬᠠᠮᠲᠤ ᠰᠤᠷᠤᠭᠴᠢᠳ ᠲᠤ ᠤᠩᠰᠢᠯᠭ᠎ᠠ ᠶᠢᠨ ᠷᠢᠳᠢ ᠰᠢᠳᠢ ᠪᠠ ᠬᠦᠴᠦᠨ ᠴᠢᠳᠠᠯ ᠢ ᠮᠡᠳᠡᠷᠡᠭᠦᠯᠵᠦ᠂ ᠡᠭᠦᠨ ᠤ ᠤᠯᠠᠮ ᠠᠴᠠ ᠬᠡᠤᠬᠡᠳ ᠤᠨ ᠤᠩᠰᠢᠯᠭ᠎ᠠ ᠶᠢ ᠴᠢᠬᠤᠯᠠᠴᠢᠯᠠᠬᠤ ᠪᠠ ᠬᠠᠶᠢᠷᠠᠯᠠᠬᠤ ᠰᠡᠳᠬᠢᠯᠭᠡ ᠶᠢ ᠳᠡᠭᠡᠭᠰᠢᠯᠡᠭᠦᠯᠵᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号