ᠲᠦᠴᠢᠦᠸᠠᠨ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠦᠵᠡᠵᠦ ᠪᠣᠯᠪᠠᠰᠤᠷᠠᠭᠤᠯᠬᠤ ᠲᠤᠬᠠᠶ ᠶᠢᠨ ᠭᠠᠵᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/29
   4 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠦᠵᠡᠵᠦ ᠪᠣᠯᠪᠠᠰᠤᠷᠠᠭᠤᠯᠬᠤ ᠲᠤᠬᠠᠶ ᠶᠢᠨ ᠭᠠᠵᠠᠷ ᠤᠨ ᠬᠤᠷᠠᠯ ᠬᠤᠷᠠᠯᠳᠤᠭᠤᠯᠪᠠ  ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ  ᠤᠨ ᠭᠤᠤᠯ ᠤᠳᠤᠷᠢᠳᠤᠯᠭ᠎ᠠ ᠳᠠᠭᠠᠭᠤᠯᠤᠨ ᠪᠥᠬᠦ ᠰᠢᠶᠠᠨ ᠤ 12 ᠴᠡᠭ ᠲᠤ ᠭᠦᠨᠵᠡᠭᠡᠶᠢᠷᠡᠨ 26 ᠵᠦᠶᠯ ᠤᠨ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠲᠥᠷᠥᠯ ᠵᠦᠶᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ  ᠃    ᠲᠣᠭᠤᠷᠢᠨ ᠦᠵᠡᠬᠦ ᠶᠠᠪᠤᠴᠠ ᠳᠤ᠂ ᠰᠢᠶᠠᠩ ᠪᠠᠯᠭᠠᠰᠤᠨ ᠤ ᠰᠠᠯᠠᠭ᠎ᠠ ᠮᠥᠴᠢᠷ ᠤᠨ ᠨᠠᠷᠢᠨ ᠲᠠᠨᠢᠯᠴᠠᠭᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ ᠨᠥᠬᠦᠪᠥᠷᠢᠯᠡᠨ ᠲᠣᠳᠣᠷᠬᠠᠶᠢᠯᠠᠬᠤ᠂ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ ᠶᠢ ᠶᠡᠷᠦᠩᠬᠡᠶᠢᠯᠡᠨ ᠦᠨᠡᠯᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠠᠵᠢᠯ ᠤᠨ ᠣᠳᠣᠬᠢ ᠪᠠᠶᠢᠳᠠᠯ ᠢ ᠶᠡᠷᠦᠩᠬᠡᠶ ᠳᠤᠨᠢ ᠡᠵᠡᠮᠰᠢᠨ ᠵᠠᠳᠠᠯᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠲᠤᠬᠠᠶ ᠶᠢᠨ ᠲᠠᠯᠠᠪᠠᠶ ᠶᠢᠨ ᠲᠣᠬᠢᠷᠠᠭᠤᠯᠤᠯᠲᠠ ᠪᠠ ᠡᠭᠦᠷᠭᠡ ᠶᠢ ᠲᠤᠰᠢᠶᠠᠨ ᠰᠢᠶᠳᠪᠦᠷᠢᠯᠡᠭᠦᠯᠬᠦ ᠠᠵᠢᠯ ᠢ ᠥᠷᠨᠢᠭᠦᠯᠵᠦ᠂ ᠲᠠᠷᠠᠭᠠᠴᠢ ᠶᠢᠨ ᠠᠯᠬᠤᠮ ᠳᠤ ᠶᠠᠭᠤ ᠬᠢᠬᠦ᠂ ᠪᠣᠳᠠᠲᠠᠶ ᠶᠠᠭᠠᠬᠢᠵᠤ ᠬᠢᠬᠦ ᠶᠢ ᠲᠣᠳᠣᠷᠬᠠᠶᠢᠯᠠᠨ᠂ ᠡᠯ᠎ᠡ ᠵᠦᠶᠯ ᠤᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠨ᠎ᠠ  ᠃    ᠬᠤᠷᠠᠯ ᠠᠴᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠪᠡᠯᠡ ᠮᠥᠩᠭᠦ᠂ ᠭᠠᠵᠠᠷ ᠰᠢᠷᠣᠢ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠲᠦᠷᠦᠯ ᠵᠦᠢᠯ ᠤᠨ ᠠᠬᠢᠴᠠ ᠶᠢ ᠲᠠᠬᠢᠨ ᠡᠮᠬᠢᠯᠡᠵᠦ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠲᠤᠬᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ᠂ ᠴᠢᠨᠠᠷ ᠰᠠᠶᠢᠲᠠᠢ ᠪᠠᠷ ᠣᠨ ᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ  ᠃     ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号