2024 ᠣᠨ ᠤ 3 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︾︵ᠳᠣᠷᠣᠭᠰᠢ ︽ᠬᠡᠷᠡᠭᠵᠢᠭᠦᠯᠬᠦ | ᠲᠥᠰᠥᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠵᠤ᠂ ᠨᠡᠶᠢᠲᠡ 4 ᠪᠦᠯᠦᠭ 72 ᠵᠦᠢᠯ ᠬᠤᠪᠢᠶᠠᠵᠤ | ᠂ ᠭᠤᠣᠯᠳᠠᠭᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ | ᠳᠠᠭᠠᠭᠤᠯᠵᠤ ᠳᠠᠶᠢᠴᠢᠯᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ ᠪᠠᠷ ᠲᠣᠳᠣᠷᠬᠠᠶᠢᠯᠠᠨ | ᠦᠭᠦᠯᠡᠪᠡ᠃ ᠡᠨᠡ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ | ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ︽ᠶᠠᠭᠤ ᠬᠢᠬᠦ᠂ ᠶᠠᠭᠠᠬᠢᠵᠤ ᠬᠢᠬᠦ ︾ᠲᠤᠬᠠᠢ | ᠰᠢᠰᠲ᠋ᠧᠮ ᠲᠠᠢ ᠲᠦᠯᠦᠪᠯᠡᠭᠡ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠣᠨ᠎ᠠ᠂ ᠡᠳᠦᠭᠡ ᠨᠡᠶᠢᠲᠡᠯᠡᠭᠰᠡᠨ ᠠᠬᠤᠢ | ᠪᠠᠶᠢᠳᠠᠯ ᠪᠠ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ ︽ᠬᠡᠷᠡᠭᠵᠢᠭᠦᠯᠬᠦ ᠲᠥᠰᠥᠯ ︾ ᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖ 2022 | ᠣᠨ ᠤ 6 ᠳ᠋ᠤᠭᠠᠷ ᠰᠠᠷ᠎ᠠ ᠶᠢᠨ 6 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠳ᠋ᠢᠵᠢᠲ᠋ᠠᠯ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ | ᠰᠠᠨᠠᠯ ︾ ︵ᠲᠥᠷᠥ ᠲᠠᠷᠬᠠᠭᠠᠭᠰᠠᠨ ﹇2022﹈ 14 ᠳ᠋ᠦ᠋ᠭᠡᠷ ᠲᠣᠭᠠᠲᠤ ︶ ᠤᠨ ᠪᠢᠴᠢᠭ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠵᠠᠢ᠃ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿14 · 5﹀ ᠶᠢᠨ ᠮᠡᠳᠡᠭᠡ ᠵᠠᠩᠭᠢᠴᠢᠯᠠᠯᠲᠠ ᠶᠢᠨ | ᠬᠥᠭᠵᠢᠯᠲᠡ ᠶᠢᠨ ᠲᠦᠯᠦᠪᠯᠡᠭᠡ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ︵2021 — 2023 ᠣᠨ ︶︾ | ᠵᠡᠷᠭᠡ ᠪᠢᠴᠢᠭ ᠮᠠᠲ᠋ᠧᠷᠢᠶᠠᠯ ᠤᠳ ᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ ︾ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠶᠠᠷ᠂ ︽ᠬᠡᠷᠡᠭᠵᠢᠭᠦᠯᠬᠦ ᠲᠥᠰᠥᠯ ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ ᠨᠢ | ᠶᠠᠭᠤ ᠪᠤᠢ︖ | ︽ᠬᠡᠷᠡᠭᠵᠢᠭᠦᠯᠬᠦ ᠲᠥᠰᠥᠯ ︾ ᠢ ᠨᠡᠶᠢᠲᠡ 4 ᠬᠡᠰᠡᠭ ᠬᠤᠪᠢᠶᠠᠵᠤ᠂ ᠲᠣᠰ ᠲᠣᠰ ᠶᠡᠷᠦᠩᠬᠡᠢ ᠱᠠᠭᠠᠷᠳᠠᠯᠭ᠎ᠠ᠂ | ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠂ ᠪᠠᠲᠤᠯᠠᠭ᠎ᠠ ᠶᠢᠨ | ᠠᠷᠭ᠎ᠠ ᠬᠡᠮᠵᠢᠶ᠎ᠡ ᠪᠣᠯᠣᠨ᠎ᠠ᠃ ᠤᠯᠤᠰ ᠤᠨ ᠵᠢᠯᠤᠭᠤᠳᠬᠤ ᠰᠠᠨᠠᠯ ᠤᠨ ᠶᠣᠰᠣᠭᠠᠷ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠡᠶᠢᠴᠡᠭᠰᠡᠨ 72 | ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠳᠤᠷᠠᠳᠬᠤ ᠶᠢᠨ ᠬᠠᠮᠲᠤ ᠵᠣᠬᠢᠴᠠᠭᠰᠠᠨ ᠡᠭᠦᠷᠭᠡ ᠶᠢᠨ | ᠠᠵᠢᠯ ᠤᠨ ᠬᠤᠪᠢᠶᠠᠷᠢᠯᠠᠯ ᠤᠨ ᠬᠦᠰᠦᠨᠦᠭᠲᠦ ᠶᠢ ᠲᠣᠭᠲᠠᠭᠠᠵᠤ᠂ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ | ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠨᠢᠭᠡᠳᠦᠭᠡᠷ ᠬᠡᠰᠡᠭ ᠶᠡᠷᠤᠩᠬᠡᠢ ᠱᠠᠭᠠᠷᠳᠠᠯᠭ᠎ᠠ᠃ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ | 2025 ᠣᠨ ᠪᠠ 2035 ᠣᠨ ᠪᠣᠯᠳᠠᠯᠠᠬᠢ ᠶᠡᠷᠦᠩᠬᠡᠢ ᠬᠠᠷᠠᠯᠲᠠ ᠶᠢ ᠳᠤᠷᠠᠳᠪᠠ᠃ | ᠬᠤᠶᠠᠳᠤᠭᠠᠷ ᠬᠡᠰᠡᠭ ᠭᠤᠣᠯ ᠡᠭᠦᠷᠭᠡ᠃ | ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠬᠦ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ | ᠂ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠬᠤ᠂ ᠲᠠᠪᠴᠠᠩ ᠤᠨ | ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ᠂ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ | ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ᠃ ᠭᠤᠷᠪᠠᠳᠤᠭᠠᠷ ᠬᠡᠰᠡᠭ | ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠃ ᠳ᠋ᠢᠵᠢᠲ᠋ᠠᠯ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ | ᠰᠠᠶᠢᠨ ᠰᠠᠶᠢᠬᠠᠨ ᠳ᠋ᠢᠵᠢᠲ᠋ᠠᠯ ᠠᠮᠢ ᠠᠬᠤᠢ ᠶᠢ ᠪᠤᠢ ᠪᠣᠯᠭᠠᠬᠤ ᠭᠤᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ | ᠲᠣᠳᠣᠷᠬᠠᠶᠢᠯᠠᠪᠠ᠃ ᠳᠥᠷᠪᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠬᠤ᠂ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ᠂ ᠳ᠋ᠢᠵᠢᠲ᠋ᠠᠯᠴᠢᠯᠠᠭᠰᠠᠨ ᠬᠡᠪ | ᠪᠣᠯᠪᠠᠰᠤᠷᠠᠯ ᠢ ᠳᠡᠭᠡᠭᠰᠢᠯᠡᠭᠦᠯᠬᠦ᠂ ᠬᠢᠨᠠᠨ ᠰᠢᠯᠭᠠᠯᠲᠠ ᠦᠨᠡᠨᠯᠡᠨ ᠵᠢᠱᠢᠯᠲᠡ ᠶᠢ ᠴᠢᠩᠭᠠᠳᠬᠠᠬᠤ ᠵᠡᠷᠭᠡ ᠳᠥᠷᠪᠡᠨ | ᠲᠠᠯ᠎ᠠ ᠶᠢᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠭᠤᠷᠪᠠ᠂ ︽ᠬᠡᠷᠡᠭᠵᠢᠭᠦᠯᠬᠦ ᠲᠥᠰᠥᠯ ︾ ᠤᠨ | ᠭᠤᠣᠯ ᠡᠭᠦᠷᠭᠡ ᠨᠢ ᠶᠠᠭᠤ ᠪᠤᠢ︖ | ︵ᠨᠢᠭᠡ ︶ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ ᠥᠪᠡᠷᠲᠡᠭᠡᠨ ᠵᠠᠰᠠᠬᠤ | ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠠᠵᠤ ᠠᠬᠤᠢ ᠶᠢᠨ | ᠲᠣᠬᠢᠷᠠᠭᠤᠯᠬᠤ ᠴᠢᠳᠠᠪᠤᠷᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠴᠢᠳᠠᠪᠤᠷᠢ᠂ ᠨᠡᠶᠢᠭᠡᠮ ᠤᠨ | ᠬᠠᠮᠢᠶᠠᠷᠤᠯᠲᠠ ᠶᠢᠨ ᠴᠢᠳᠠᠪᠤᠷᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠴᠢᠳᠠᠪᠤᠷᠢ᠂ ᠵᠠᠰᠠᠭ ᠤᠨ ᠶᠠᠪᠤᠳᠠᠯ ᠤᠨ ᠠᠵᠢᠯᠯᠠᠭᠠᠨ ᠤ ᠬᠦᠴᠦᠨ ᠴᠢᠳᠠᠪᠤᠷᠢ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ 26 ᠵᠦᠢᠯ ᠤᠨ ᠠᠷᠭ᠎ᠠ | ᠪᠠᠷᠢᠯ ᠢ ᠨᠠᠷᠢᠯᠢᠭᠵᠢᠭᠤᠯᠪᠠ᠃ ︵ᠬᠤᠶᠠᠷ ︶ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ | ᠲᠣᠭᠲᠠᠭᠠᠯ ᠢ ᠲᠡᠭᠦᠯᠳᠡᠷᠵᠢᠭᠦᠯᠦᠨ᠎ᠡ᠃ ᠳᠦᠷᠢᠮ ᠢ ᠤᠷᠢᠳ ᠢᠶᠠᠷ ᠬᠡᠷᠡᠭᠵᠢᠭᠦᠯᠬᠦ ᠵᠠᠷᠴᠢᠮ ᠢᠶᠠᠷ᠂ ᠳ᠋ᠢᠵᠢᠲ᠋ᠠᠯᠴᠢᠯᠠᠭᠰᠠᠨ | ᠥᠭᠡᠷᠡᠴᠢᠯᠡᠯᠲᠡ ᠪᠠᠷ ᠳᠦᠷᠢᠮ ᠤᠨ ᠰᠢᠨᠡᠴᠢᠯᠡᠯᠲᠡ ᠶᠢ ᠠᠬᠢᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ | ᠪᠠᠶᠢᠭᠤᠯᠤᠯᠲᠠ ᠪᠠ ᠠᠵᠢᠯᠯᠠᠭᠠᠨ ᠤ ᠪᠦᠬᠦᠯᠢ ᠴᠣᠭᠴᠠ ᠪᠠᠷ ᠬᠠᠮᠵᠢᠯᠴᠠᠭᠰᠠᠨ᠂ ᠤᠶᠤᠨᠲᠦ ᠥᠨᠳᠥᠷ ᠪᠦᠲᠦᠮᠵᠢᠲᠡᠢ᠂ | ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠠᠷᠭ᠎ᠠ | ᠬᠡᠯᠪᠡᠷᠢ ᠶᠢᠨ ᠬᠤᠪᠢᠰᠤᠯᠲᠠ ᠪᠣᠯᠣᠨ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠵᠡᠷᠭᠡ | ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ᠂ 5 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠠᠢ᠃ | ︵ᠭᠤᠷᠪᠠ ︶ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠤᠨ᠎ᠠ᠃ | ᠳ᠋ᠠᠶᠢᠲ᠋ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠰᠠᠭᠤᠷᠢ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ᠂ ᠳ᠋ᠠᠶᠢᠲ᠋ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ | ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠳ᠋ᠠᠶᠢᠲ᠋ᠠ | ᠬᠤᠪᠢᠶᠠᠯᠴᠠᠬᠤ ᠲᠦᠪᠰᠢᠨ ᠢ ᠳᠡᠭᠡᠭᠰᠢᠯᠡᠭᠦᠯᠬᠦ᠂ ᠤᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ | ᠴᠢᠳᠠᠪᠤᠷᠢ ᠶᠢ ᠳᠡᠭᠡᠭᠰᠢᠯᠡᠭᠦᠯᠬᠦ᠂ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠵᠡᠷᠭᠡ ᠲᠠᠯ᠎ᠠ ᠪᠠᠷ 7 | ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠠᠢ᠃ | ︵ᠳᠥᠷᠪᠡ ︶ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ᠂ | ᠡᠷᠴᠢᠮᠵᠢᠭᠦᠯᠦᠭᠰᠡᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ | ᠡᠷᠴᠢᠮᠵᠢᠭᠦᠯᠦᠭᠰᠡᠨ ᠨᠠᠶᠢᠳᠠᠪᠤᠷᠢᠲᠠᠢ ᠡᠯᠧᠺᠳ᠋ᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠬᠤ᠂ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠤᠨ ᠲᠤᠰᠬᠠᠢ ᠰᠦᠯᠵᠢᠶ᠎ᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ᠂ | ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠬᠡᠷᠡᠭᠯᠡᠭᠡᠨ ᠤ ᠡᠷᠴᠢᠮᠵᠢᠭᠦᠯᠦᠭᠰᠡᠨ ᠪᠠᠶᠢᠭᠤᠯᠤᠯᠲᠠ ᠶᠢ ᠠᠬᠢᠭᠤᠯᠬᠤ᠂ | ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ 6 | ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ | ︵ᠲᠠᠪᠤ ︶ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠮᠤᠷ | ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ᠂ ᠤᠯᠤᠰ ᠤᠨ ᠨᠢᠭᠤᠴᠠ ᠳᠤ ᠬᠤᠯᠪᠣᠭᠳᠠᠬᠤ ᠰᠢᠰᠲ᠋ᠧᠮ ᠤᠨ ᠬᠠᠮᠢᠶ᠎ᠠ ᠪᠦᠬᠦᠢ ᠳᠦᠷᠢᠮ ᠢ | ᠨᠠᠶᠢᠳᠠᠪᠤᠷᠢᠵᠢᠭᠤᠯᠬᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠳᠦᠷᠢᠮ ᠢ | ᠨᠠᠶᠢᠳᠠᠪᠤᠷᠢᠵᠢᠭᠤᠯᠬᠤ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ | ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠶᠢ ᠴᠢᠩᠭᠠᠳᠬᠠᠬᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ | ᠬᠠᠮᠠᠭᠠᠯᠠᠯᠲᠠ ᠶᠢ ᠴᠢᠩᠭᠠᠳᠬᠠᠬᠤ᠂ ᠠᠮᠤᠷ ᠲᠦᠪᠰᠢᠨ ᠤ ᠦᠨᠡᠯᠡᠨ ᠵᠢᠱᠢᠯᠲᠡ ᠶᠢ ᠴᠢᠩᠭᠠᠳᠬᠠᠬᠤ ᠵᠡᠷᠭᠡ ᠲᠠᠯ᠎ᠠ ᠪᠠᠷ | 9 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ ᠳᠥᠷᠪᠡ᠂ ︽ᠬᠡᠷᠡᠭᠵᠢᠭᠦᠯᠬᠦ ᠲᠥᠰᠥᠯ ︾ ᠢ | ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠬᠡᠷᠬᠢᠨ ᠪᠠᠲᠤᠯᠠᠬᠤ ᠪᠣᠶ︖ | ︽ᠬᠡᠷᠡᠭᠵᠢᠭᠦᠯᠬᠦ ᠲᠥᠰᠥᠯ ︾ ᠨᠢ ᠨᠠᠮ ᠤᠨ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ᠂ ᠤᠳᠤᠷᠢᠳᠬᠤ ᠲᠣᠭᠲᠠᠴᠠ ᠶᠢ | ᠪᠦᠷᠢᠨᠰᠢᠭᠦᠯᠬᠦ᠂ ᠠᠬᠢᠭᠤᠯᠬᠤ ᠲᠣᠭᠲᠠᠴᠠ ᠶᠢ ᠪᠠᠶᠢᠭᠤᠯᠬᠤ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠪᠠ ᠤᠷ᠎ᠠ | ᠮᠡᠷᠭᠡᠰᠢᠯ ᠤᠨ ᠬᠥᠮᠦᠵᠢᠯ ᠢ ᠴᠢᠩᠭᠠᠳᠬᠠᠬᠤ᠂ ᠺᠠᠳ᠋ᠷ ᠤᠨ ᠪᠣᠯᠪᠠᠰᠤᠷᠠᠯ ᠢ ᠴᠢᠩᠭᠠᠳᠬᠠᠬᠤ᠂ ᠣᠨᠣᠯ ᠤᠨ ᠰᠤᠳᠤᠯᠭᠠᠨ ᠢ | ᠴᠢᠩᠭᠠᠳᠬᠠᠬᠤ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠬᠤ᠂ ᠦᠨᠡᠯᠡᠨ ᠵᠢᠱᠢᠬᠦ ᠲᠣᠭᠲᠠᠯᠴᠠᠭ᠎ᠠ ᠶᠢ | ᠪᠦᠷᠢᠯᠳᠦᠭᠦᠯᠬᠦ 9 ᠵᠦᠢᠯ ᠤᠨ ᠠᠷᠭ᠎ᠠ ᠪᠠᠷᠢᠯ ᠢ ᠳᠤᠷᠠᠳᠤᠨ ᠭᠠᠷᠭᠠᠵᠤ᠂ ᠡᠯ᠎ᠡ ᠵᠦᠢᠯ ᠤᠨ ᠡᠭᠦᠷᠭᠡ ᠶᠢ | ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠪᠠ᠃ | |