ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ | ᠲᠥᠯᠥᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠢ ᠦᠨᠳᠦᠰᠦᠯᠡᠨ | ᠮᠠᠨ ᠤ ᠣᠷᠣᠨ ᠬᠥᠯᠥᠨ ᠪᠤᠶᠢᠷ ᠬᠤᠳᠠ᠂ ᠲᠦᠩᠯᠢᠶᠣᠣ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠳᠤ | ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ | ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ | ᠳᠤᠭᠤᠶᠢᠯᠠᠩ ᠣᠶᠢᠷ᠎ᠠ ᠳᠤ ᠬᠢᠨᠠᠨ ᠪᠠᠶᠢᠴᠠᠭᠠᠭᠳᠠᠭᠰᠠᠨ ᠬᠤᠲᠠ ᠳᠤ ᠬᠠᠷᠢᠭᠤ ᠲᠤᠰᠬᠠᠪᠠ᠃ | ᠥᠪᠡᠷᠲᠡᠭᠡᠨ ᠵᠠᠰᠠᠬᠤ ᠣᠷᠣᠨ ᠤ ᠲᠣᠰ ᠡᠭᠡᠯᠵᠢ ᠶᠢᠨ ᠬᠢᠨᠠᠨ ᠪᠠᠶᠢᠴᠠᠭᠠᠯᠲᠠ ᠳᠤ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠭᠦᠨᠵᠡᠭᠡᠢ | ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠢᠮᠠᠭ | ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠪᠦᠭᠦ ᠲᠠᠯ᠎ᠠ ᠶᠢᠨ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ᠂ | ᠭᠤᠣᠯᠳᠠᠭᠤ ︽ᠬᠤᠶᠠᠷ ᠦᠢᠯᠡᠴᠢᠯᠡᠭᠡ︾ ᠶᠢ ᠢᠯᠡᠷᠡᠭᠦᠯᠵᠦ᠂ ︽ᠨᠢᠭᠡ ᠭᠡᠯᠪᠡᠷᠢ ᠪᠠᠨ ᠬᠤᠪᠢᠷᠠᠭᠤᠯᠬᠤ︾ ᠶᠢ | ᠪᠡᠶᠡᠯᠡᠭᠦᠯᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠨ | ᠪᠠᠶᠢᠴᠠᠭᠠᠬᠤ ᠭᠤᠣᠯᠳᠠᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠠᠮᠢ ᠠᠬᠤᠢ ᠶᠢᠨ ᠪᠦᠭᠦ ᠡᠯᠧᠮᠧᠨ᠋ᠲ ᠤᠨ ᠬᠠᠷᠠᠯᠲᠠ ᠪᠠ | ᠡᠭᠦᠷᠭᠡ ᠲᠠᠢ ᠬᠠᠷᠭᠤᠭᠤᠯᠤᠨ ᠠᠵᠢᠯ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠨ ᠪᠠᠶᠢᠴᠠᠭᠠᠭᠳᠠᠬᠤ | ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ︽ᠬᠠᠯᠬᠠᠪᠴᠢ ᠶᠢᠨ ᠪᠠᠶᠢᠭᠤᠯᠤᠯᠲᠠ︾ ᠳᠤ ᠦᠢᠯᠡᠴᠢᠯᠡᠪᠡ᠃ | ︽ᠪᠦᠭᠦ ᠡᠯᠧᠮᠧᠨ᠋ᠲ ᠪᠦᠭᠦ ᠲᠠᠯ᠎ᠠ ᠪᠠᠷ ᠵᠠᠰᠠᠬᠤ ᠪᠠᠶᠢᠷᠢᠰᠢᠯ ᠢ ᠪᠤᠢ ᠪᠤᠯᠭᠠᠬᠤ᠂ ᠠᠮᠢ ᠠᠬᠤᠢ ᠶᠢᠨ ᠠᠵᠤ ᠠᠬᠤᠢ ᠶᠢᠨ | ᠰᠢᠰᠲ᠋ᠧᠮ ᠢ ᠪᠤᠢ ᠪᠤᠯᠭᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠪᠤᠢ | ᠪᠤᠯᠭᠠᠬᠤ︾ ᠱᠠᠭᠠᠷᠳᠠᠯᠭ᠎ᠠ ᠶᠢᠨ ᠲᠣᠭᠤᠷᠢᠨ ᠳᠤ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠠᠬᠢ | ᠲᠣᠪᠤᠶᠢᠮ᠎ᠠ ᠵᠥᠷᠢᠴᠡᠯ ᠪᠠ ᠴᠢᠬᠤᠯᠠ ᠶᠡᠭᠡ ᠠᠰᠠᠭᠤᠳᠠᠯ ᠢ ᠴᠢᠩᠭ᠎ᠠ ᠠᠩᠬᠠᠷᠴᠤ᠂ ᠬᠢᠨᠠᠨ ᠪᠠᠶᠢᠴᠠᠭᠠᠬᠤ ᠬᠤᠷᠴᠠ | ᠰᠡᠯᠡᠮ᠎ᠡ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠂ ︽ᠭᠤᠷᠪᠠ ᠶᠢ ᠪᠤᠢ ᠪᠤᠯᠭᠠᠬᠤ︾ ᠳᠤ ᠦᠢᠯᠡᠴᠢᠯᠡᠪᠡ᠃ | ᠠᠮᠢ ᠠᠬᠤᠢ ᠶᠢᠨ ︽ᠪᠦᠭᠦ ᠡᠯᠧᠮᠧᠨ᠋ᠲ︾ ᠲᠤ ᠬᠢᠨᠠᠨ ᠪᠠᠶᠢᠴᠠᠭᠠᠯᠲᠠ ᠥᠷᠨᠢᠭᠦᠯᠬᠦ ᠳᠡᠭᠡᠨ ᠲᠠᠯ᠎ᠠ ᠨᠤᠲᠤᠭ ᠣᠢ | ᠰᠢᠭᠤᠢ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ᠂ ᠲᠠᠷᠢᠶᠠᠨ ᠭᠠᠵᠠᠷ᠂ ᠡᠯᠡᠰᠦᠷᠬᠡᠭᠵᠢᠭᠰᠡᠨ | ᠴᠦᠯᠯᠡᠷᠭᠡᠭᠵᠢᠭᠰᠡᠨ ᠭᠠᠵᠠᠷ ᠰᠢᠷᠣᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠠᠭᠠᠷ ᠮᠠᠨᠳᠠᠯ᠂ ᠤᠰᠤ᠂ | ᠬᠥᠷᠥᠰᠥᠨ ᠤ ᠪᠣᠬᠢᠷᠳᠤᠯ ᠢ ᠰᠡᠷᠭᠡᠶᠢᠯᠡᠨ ᠵᠠᠰᠠᠬᠤ᠂ ᠠᠵᠤ ᠦᠢᠯᠡᠰ ᠦᠨᠪᠤᠭᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢᠴᠢ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠪᠠᠶᠢᠳᠠᠯ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠪᠠ ᠬᠠᠯᠬᠠᠪᠴᠢ ᠶᠢᠨ ᠠᠯᠪᠠᠨ ᠭᠡᠷ ᠤᠨ | ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠵᠡᠷᠭᠡ ᠡᠯᠧᠮᠧᠨ᠋ᠲ ᠢ ᠪᠦᠭᠦᠨ ᠢ ᠬᠢᠨᠠᠨ ᠪᠠᠶᠢᠴᠠᠭᠠᠬᠤ ᠬᠡᠪᠴᠢᠶᠡᠨ ᠳᠤ | ᠣᠷᠣᠭᠤᠯᠵᠤ᠂ ᠪᠦᠭᠦ ᠣᠷᠣᠨ ᠤ ︽ᠶᠡᠭᠡ ᠠᠮᠢ ᠠᠬᠤᠢ︾ ᠶᠢ ᠰᠠᠶᠢᠲᠤᠷ ᠬᠠᠮᠠᠭᠠᠯᠠᠬᠤ ᠠᠵᠢᠯ ᠢ ᠦᠨᠡᠨ ᠬᠦ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠢ ᠬᠢᠨᠠᠨ ᠪᠠᠶᠢᠴᠠᠭᠠᠬᠤ ᠪᠠᠷ | ᠭᠤᠣᠯᠳᠠᠯᠭ᠎ᠠ ᠪᠤᠯᠭᠠᠵᠤ ᠪᠠᠶᠢᠭᠰᠠᠨ ᠠᠴᠠ ᠠᠮᠢ ᠠᠬᠤᠢ ᠶᠢᠨ ᠰᠢᠰᠲ᠋ᠧᠮ ᠢ ᠬᠢᠨᠠᠨ ᠪᠠᠶᠢᠴᠠᠭᠠᠬᠤ ᠬᠢᠭᠡᠳ ᠪᠣᠬᠢᠷᠳᠤᠯ ᠢ | ᠰᠡᠷᠭᠡᠶᠢᠯᠡᠨ ᠵᠠᠰᠠᠬᠤ ᠶᠢ ᠪᠦᠷᠢᠨ ᠪᠦᠷᠬᠦᠭᠦᠯᠬᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ | ᠪᠡᠶᠡᠯᠡᠭᠦᠯᠪᠡ᠃ | ᠬᠢᠨᠠᠨ ᠪᠠᠶᠢᠴᠠᠭᠠᠯᠲᠠ ᠳᠤ᠂ 4 ᠬᠤᠳᠠ ᠶᠢᠨ ᠬᠢᠨ ᠢᠮᠠᠭᠲᠠ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠶᠢ ᠡᠷᠬᠡᠪᠰᠢ ᠪᠠᠲᠤ ᠴᠡᠭᠡᠵᠢᠯᠡᠬᠦ ︽ᠤᠯᠤᠰ ᠤᠨ ᠶᠡᠭᠡ ᠶᠠᠪᠤᠳᠠᠯ︾ ᠪᠤᠯᠭᠠᠵᠤ᠂ | ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠡᠷᠴᠢᠮ ᠢᠶᠠᠷ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠠᠬᠢᠴᠠ ᠲᠠᠢ ᠪᠤᠯᠬᠤ ᠶᠢ | ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠢᠨᠠᠨ ᠪᠠᠶᠢᠴᠠᠭᠠᠯᠲᠠ ᠳᠤ᠂ 4 ᠬᠤᠲᠠ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠦᠨᠳᠦᠰᠦᠯᠡᠵᠦ᠂ | ᠴᠡᠭᠴᠡᠯᠡᠨ ᠰᠠᠶᠢᠵᠢᠷᠠᠭᠤᠯᠬᠤ ᠲᠥᠰᠥᠯ ᠢ ᠱᠠᠯᠠᠪᠳᠠᠨ ᠰᠤᠳᠤᠯᠤᠨ ᠲᠣᠭᠲᠠᠭᠠᠵᠤ᠂ 30 ᠠᠵᠢᠯᠯᠠᠬᠤ ᠡᠳᠦᠷ ᠤᠨ | ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ | ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ | ᠪᠠᠶᠢᠳᠠᠯ ᠢ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠡ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |